ᠲᠡᠭᠡᠳᠣ ᠰᠢᠨ᠎ᠠ ᠮᠡᠷᠭᠡᠵᠢᠯ ᠤᠨ ᠣᠷᠣᠨ ᠤ ᠵᠠᠯᠠᠭᠤᠴᠣᠳ ᠲᠤ ᠦᠢᠯᠡᠴᠡᠯᠡᠭᠦ ᠭᠠᠪᠰᠢᠭᠠᠯᠠᠭᠰᠠᠨ ᠠᠵᠢᠯᠯᠠᠭᠠᠨ
ᠨᠡᠶᠢᠲᠡᠯᠡᠭᠰᠡᠨ ᠴᠠᠭ᠄
2024/1/3
   ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠠᠴᠠ ᠳᠤᠷᠠᠳᠴᠤ ᠭᠠᠷᠭᠠᠭᠰᠠᠨ ᠰᠢᠨ᠎ᠡ ᠶᠢ ᠡᠭᠦᠳᠬᠦ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ  ᠶᠢ ᠦᠭᠡᠷᠡᠴᠢᠯᠡᠨ᠂ ᠰᠦᠯᠵᠢᠶᠡᠵᠢᠭᠰᠡᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠵᠠᠯᠠᠭᠤᠴᠤᠳ ᠤᠨ ︽8 ᠴᠠᠭ ᠤᠨ ᠭᠠᠳᠠᠨ᠎ᠠ︾᠎ ᠶᠢᠨ ᠠᠵᠢᠯ ᠤᠨ ᠴᠢᠯᠦᠭᠡᠨ ᠤ ᠴᠠᠭ ᠪᠠ ᠠᠮᠢᠳᠤᠷᠠᠯ ᠤᠨ ᠣᠷᠣᠨ ᠵᠠᠢ  ᠶᠢ ᠠᠩᠬᠠᠷᠴᠤ᠂ ᠠᠰᠠᠷ ᠲᠠᠭᠲᠤ ᠶᠢᠨ ᠪᠦᠯᠬᠦᠮ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠠᠬᠢᠭᠤᠯᠣᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠪᠯᠡᠯ ᠤᠨ ᠠᠵᠢᠯ ᠤᠨ ᠵᠥᠪᠯᠡᠯ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠲᠥᠪ ᠤᠨ ᠠᠰᠠᠷ ᠲᠠᠭᠲᠤ ᠶᠢᠨ ᠠᠵᠤ ᠠᠬᠤᠢ ᠠᠮᠢ ᠠᠬᠤᠢ ᠶᠢᠨ ᠬᠦᠷᠢᠶᠡᠨ ᠤ ᠬᠥᠭᠵᠢᠯᠲᠡ ᠶᠢᠨ ᠢᠷᠡᠭᠡᠳᠦᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠷ ᠲᠠᠭᠲᠤ ᠶᠢᠨ ᠠᠵᠤ ᠦᠢᠯᠡᠰ ᠪᠣᠯᠣᠨ ᠵᠠᠯᠠᠭᠤᠴᠤᠳ ᠤᠨ ᠲᠥᠪᠯᠡᠷᠡᠭᠰᠡᠨ ᠳᠠᠪᠠᠭᠤᠯᠢᠭ ᠢ ᠭᠦᠢᠴᠡᠳ ᠡᠵᠡᠮᠳᠡᠨ ᠣᠷᠣᠨ ᠪᠦᠰᠡᠴᠢᠯᠡᠭᠰᠡᠨ ᠠᠰᠠᠷ ᠲᠠᠭᠲᠤ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠦᠴᠦᠯᠡᠨ ᠴᠢᠩᠭᠠᠳᠬᠠᠵᠤ᠂ ᠣᠶᠢᠷ᠎ᠠ ᠶᠢᠨ ᠡᠳᠦᠷ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠲᠥᠪ ᠲᠠᠢ  ᠬᠤᠯᠪᠣᠭᠠᠯᠠᠨ ᠠᠰᠠᠷ ᠲᠠᠭᠲᠤ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠡᠢ᠃
  ᠡᠪᠯᠡᠯ ᠤᠨ ᠪᠠᠶᠢᠭᠤᠯᠤᠯᠲᠠ ᠶᠢᠨ ᠠᠵᠢᠯᠯᠠᠭ᠎ᠠ ᠳᠤ᠂ ᠪᠠᠭᠰᠢ ᠨᠠᠷ ᠪᠦᠬᠦ ᠡᠪᠯᠡᠯ ᠤᠨ ᠭᠡᠰᠢᠭᠦᠨ ᠵᠠᠯᠠᠭᠤᠴᠤᠳ ᠲᠤ ︽᠎ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠵᠦ᠂ ᠵᠠᠯᠠᠭᠤᠴᠤᠳ ᠤᠨ ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ︾᠎ ᠪᠠᠷ ᠭᠤᠣᠯ ᠰᠡᠳᠦᠪ ᠪᠣᠯᠭᠠᠭᠰᠠᠨ ᠡᠪᠯᠡᠯ ᠤᠨ ᠬᠢᠴᠢᠶᠡᠯ  ᠢ ᠵᠢᠭᠠᠵᠤ᠂ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠳᠤ ᠳᠤᠷᠠᠳᠤᠭᠰᠠᠨ ᠠᠬᠤᠢ ᠪᠠᠶᠢᠳᠠᠯ᠂ ᠬᠤᠶᠠᠷ  ᠢ ᠤᠶᠠᠯᠳᠤᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠵᠢᠴᠢ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠬᠡᠷᠬᠢᠨ ᠨᠡᠩ ᠰᠠᠶᠢᠨ ᠡᠭᠦᠷᠭᠡᠯᠡᠬᠦ ᠵᠡᠷᠭᠡ ᠠᠭᠤᠯᠭ᠎ᠠ ᠶᠢ ᠬᠠᠮᠲᠤᠪᠠᠷ ᠰᠤᠷᠤᠯᠴᠠᠵᠠᠢ᠃ ᠡᠭᠦᠨ ᠤ ᠳᠠᠭᠠᠤ ︽ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ︾ ᠭᠡᠳᠡᠭ ᠢᠶᠠᠷ ᠵᠠᠯᠠᠭᠤᠴᠤᠳ ᠤᠨ ᠪᠦᠯᠬᠦᠮ ᠤᠨ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ  ᠦᠢᠯᠡᠳᠦᠯᠭᠡᠵᠢᠭᠦᠯᠪᠠ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠪᠯᠡᠯ ᠤᠨ ᠠᠵᠢᠯ ᠤᠨ ᠵᠥᠪᠯᠡᠯ ᠪᠣᠯᠣᠨ ᠦᠢᠯᠡᠰ ᠪᠣᠰᠬᠠᠬᠤ ᠲᠥᠪ ᠤᠨ ᠬᠠᠮᠲᠤᠷᠠᠨ ᠪᠠᠶᠢᠭᠤᠯᠤᠭᠰᠠᠨ ᠪᠤᠭᠤᠲᠤ ᠬᠤᠳᠠ ᠶᠢᠨ ᠠᠰᠠᠷ ᠲᠠᠭᠲᠤ ᠶᠢᠨ ᠡᠪᠯᠡᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠤᠨ ᠢᠨᠵᠧᠨᠧᠷᠢᠩ ᠨᠢ ᠤᠳᠤ ᠨᠢᠭᠡᠨᠲᠡ 5 ᠠᠰᠠᠷ ᠲᠠᠭᠲᠤ ᠶᠢᠨ ᠡᠪᠯᠡᠯ ᠤᠨ ᠡᠭᠦᠷ ᠢ ᠪᠠᠶᠢᠭᠤᠯᠵᠤ᠂ 30 ᠭᠠᠷᠤᠢ ᠠᠵᠤ ᠠᠬᠤᠶᠢᠯᠠᠯ ᠤᠨ 300 ᠰᠢᠬᠠᠮ ᠵᠠᠯᠠᠭᠤᠴᠤᠳ ᠤᠨ ᠬᠠᠮᠲᠤᠯᠢᠭ ᠢ ᠬᠠᠮᠣᠷᠣᠨ ᠵᠠᠯᠠᠭᠤᠴᠤᠳ ᠤᠨ ᠬᠠᠮᠲᠤᠯᠢᠭ ᠤᠨ ᠠᠵᠢᠯᠯᠠᠭᠠᠨ ᠤ ᠲᠠᠯᠠᠪᠤᠷ ᠤᠨ ᠠᠰᠠᠭᠤᠳᠠᠯ ᠢ ᠲᠤᠶᠢᠯ ᠤᠨ ᠶᠡᠬᠡᠪᠡᠷ ᠰᠢᠢᠳᠪᠦᠷᠢᠯᠡᠵᠦ᠂ ᠵᠠᠯᠠᠭᠤᠴᠤᠳ ᠤᠨ ᠬᠤᠭᠤᠷᠣᠨᠳᠣᠬᠢ ᠬᠠᠷᠢᠯᠴᠠᠭ᠎ᠠ ᠨᠡᠪᠲᠡᠷᠡᠯᠴᠡᠭᠡ ᠶᠢ ᠪᠦᠲᠦᠮᠵᠢᠲᠡᠢ ᠴᠢᠩᠭᠠᠳᠬᠠᠵᠠᠢ᠃ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠣᠨ ᠤ ᠡᠪᠯᠡᠯ ᠤᠨ ᠠᠵᠢᠯᠯᠠᠬᠤ ᠬᠤᠷᠢᠶ᠎ᠠ ᠠᠴᠠ ᠠᠰᠠᠷ ᠲᠠᠭᠲᠤ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠰᠠᠷ ᠲᠠᠭᠲᠤ ᠶᠢᠨ ᠠᠵᠤ ᠠᠬᠤᠶᠢᠯᠠᠯ ᠳᠤ ᠦᠢᠯᠡᠴᠢᠯᠡᠬᠦ ᠠᠷᠭ᠎ᠠ ᠬᠡᠮᠵᠢᠶ᠎ᠡ ᠶᠢ ᠪᠠᠳᠣᠳᠬᠠᠨ ᠠᠰᠠᠷ ᠲᠠᠭᠲᠤ ᠶᠢᠨ ᠵᠠᠯᠠᠭᠤᠴᠤᠳ ᠤᠨ ᠦᠰᠦᠨ ᠪᠣᠶᠢᠵᠢᠬᠤ ᠲᠠᠪᠴᠠᠩ ᠢ ᠪᠠᠶᠢᠭᠤᠯᠵᠤ᠂ ᠵᠠᠯᠠᠭᠤᠴᠤᠳ ᠲᠤ ᠦᠢᠯᠡᠴᠢᠯᠡᠬᠦ ᠬᠠᠮᠤᠭ ᠤᠨ ᠡᠮᠦᠨ᠎ᠡ ᠲᠠᠯ᠎ᠠ ᠶᠢ ᠴᠢᠷᠮᠠᠶᠢᠨ  ᠪᠡᠶᠡᠯᠡᠭᠦᠯᠵᠣ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号