ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠵᠠᠯᠠᠭᠤᠴᠤᠳ︾᠎ ᠤᠨ ᠬᠦᠴᠦᠨ ᠢ ᠨᠢᠭᠲᠠᠷᠠᠭᠤᠯᠵᠤ ᠬᠤᠪᠣᠷ ᠰᠢᠷᠣᠢ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠣᠶ᠎ᠠ
ᠨᠡᠶᠢᠲᠡᠯᠡᠭᠰᠡᠨ ᠴᠠᠭ᠄
2024/1/3
    ᠦᠢᠮᠡᠭᠡᠨ ᠳᠡᠪᠵᠢᠶᠡᠨ ᠲᠠᠢ ᠬᠤᠳᠠ ᠶᠢᠨ ᠬᠢᠨ ᠠᠯᠢ ᠬᠡᠳᠦᠶᠢᠨ ᠰᠣᠯᠣᠩᠭ᠎ᠠ ᠰᠣᠯᠣᠩᠭᠠᠷᠠᠨ ᠰᠣᠯᠣᠩᠭᠠᠷᠠᠵᠤ᠂ ᠥᠩᠭᠡᠲᠦ ᠳ᠋ᠧᠩ ᠵᠡᠭᠡᠯᠢ ᠭᠤᠳᠣᠮᠵᠢ ᠶᠢ ᠬᠡᠷᠡᠯᠳᠦᠭᠦᠯᠦᠨ᠎ᠡ᠃ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠬᠠᠩᠵᠧᠦ ᠶᠢᠨ ᠬᠤᠪᠢᠶᠠᠷᠢ ᠬᠦᠷᠢᠶᠡᠯᠡᠩ ᠤᠨ ᠳᠡᠳ᠋ ᠳᠠᠷᠤᠭ᠎ᠠ ᠶᠢᠨ ᠠᠯᠪᠠᠨ ᠭᠡᠷ ᠲᠤ᠂ ᠶᠠᠨ ᠬᠤᠩ ᠸᠧᠢ ᠣᠣᠯ ᠤᠨ ᠲᠠᠢ ᠪᠠᠨ ᠠᠳᠠᠯᠢ ᠪᠠᠷ ᠺᠣᠮᠫᠢᠦ᠋ᠲ᠋ᠧᠷ ᠤᠨ ᠬᠠᠵᠠᠭᠤ ᠳᠤ ᠭᠠᠭᠴᠠᠭᠠᠷ ᠰᠠᠭᠤᠵᠤ᠂ ︽AI᠎ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠳᠤ  ᠬᠡᠷᠡᠭᠯᠡᠭᠡᠨ︾᠎ ᠤ ᠴᠢᠭᠯᠡᠯ ᠢ ᠬᠠᠶᠢᠨ ᠰᠦᠪᠡᠭᠴᠢᠯᠡᠬᠦ ᠠᠵᠢᠯ ᠬᠢᠵᠦ ᠪᠠᠶᠢᠪᠠ᠃ ᠵᠢᠯ ᠤᠨ ᠡᠴᠦᠰ ᠪᠣᠯᠬᠤ ᠳᠤ᠂ ᠲᠡᠷᠡ ᠬᠠᠩᠵᠧᠦ ᠶᠢᠨ ᠬᠤᠪᠢᠶᠠᠷᠢ ᠬᠦᠷᠢᠶᠡᠯᠡᠩ ᠤᠨ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠭ᠎ᠠ ᠪᠠᠷᠢᠮᠲᠠ︾᠎ ᠶᠢᠨ ᠵᠢᠵᠢᠭ ᠲᠥᠷᠥᠯ ᠵᠦᠢᠯ ᠢᠶᠠᠷ ᠲᠤᠷᠰᠢᠨ ᠠᠵᠢᠯᠯᠠᠵᠤ᠂ ᠲᠣᠰ ᠬᠦᠷᠢᠶᠡᠨ ᠳᠠᠬᠢ ᠦᠢᠯᠡᠳᠦᠯᠭᠡ ᠪᠠᠨ ᠡᠬᠢᠯᠡᠭᠦᠯᠬᠦ ᠪᠠᠷ ᠪᠠᠶᠢᠨ᠎ᠠ᠃    10 ᠭᠠᠷᠤᠢ ᠵᠢᠯ ᠤᠨ ᠲᠤᠷᠰᠢᠯᠭ᠎ᠠ ᠲᠠᠢ ᠪᠥᠭᠡᠳ ᠨᠢᠭᠡᠨᠲᠡ ᠵᠣᠬᠢᠬᠤ ᠠᠮᠵᠢᠯᠲᠠ ᠣᠯᠣᠭᠰᠠᠨ ︽ᠰᠣᠷᠢᠨᠵᠢᠨ ᠢᠶᠠᠷ ᠬᠥᠷᠥᠭᠡᠬᠦ︾ ᠮᠡᠷᠭᠡᠵᠢᠯ ᠤᠨ ᠰᠤᠳᠤᠯᠭᠠᠨ ᠠᠴᠠ ︽ᠵᠥᠭᠡᠯᠡᠨ ᠲᠣᠨᠤᠭ ᠪᠠ ᠮᠠᠲ᠋ᠧᠷᠢᠶᠠᠯ ᠤᠨ ᠤᠬᠠᠭᠠᠨ︾᠎ ᠤ ᠰᠣᠯᠪᠢᠴᠠᠯ ᠤᠨ ᠬᠦᠷᠢᠶᠡᠨ ᠳᠤ ᠬᠦᠷᠴᠦ᠂ ᠶᠠᠨ ᠬᠤᠩ ᠸᠧᠢ ᠮᠠᠰᠢᠨ ᠰᠤᠷᠤᠯᠴᠠᠬᠤ ᠠᠷᠭ᠎ᠠ ᠪᠠ ᠮᠠᠲ᠋ᠧᠷᠢᠶᠠᠯ ᠤᠨ ᠤᠬᠠᠭᠠᠨ ᠤ ᠰᠤᠳᠤᠯᠭᠠᠨ ᠤ ᠵᠠᠭᠪᠤᠷ ᠢ ᠨᠢᠭᠲᠠ ᠤᠶᠠᠯᠳᠤᠭᠤᠯᠵᠤ᠂ ᠥᠪᠡᠷ ᠤᠨ ᠲᠠᠪᠴᠠᠩ ᠢᠶᠠᠨ ᠲᠤᠷᠰᠢᠨ ᠪᠠᠶᠢᠭᠤᠯᠵᠤ᠂ ᠰᠤᠳᠤᠯᠤᠭᠴᠢᠳ ᠢ ᠬᠠᠪᠰᠤᠷᠤᠨ ᠨᠠᠩ ᠥᠨᠳᠥᠷ ᠴᠢᠳᠠᠪᠬᠢ ᠲᠠᠢ ᠪᠦᠷᠢᠯᠳᠦᠭᠦᠨ ᠪᠠ ᠰᠢᠢᠳᠪᠦᠷᠢᠯᠡᠬᠦ ᠤᠷᠠᠯᠠᠯ ᠢ ᠨᠠᠩ ᠲᠦᠷᠭᠡᠨ ᠢᠶᠠᠷ ᠢᠯᠡᠷᠡᠭᠦᠯᠵᠦ᠂ ᠰᠢᠨ᠎ᠡ ᠮᠠᠲ᠋ᠧᠷᠢᠶᠠᠯ ᠡᠷᠢᠬᠦ ᠶᠠᠪᠤᠴᠠ ᠳᠠᠬᠢ ᠠᠵᠢᠯ ᠤᠨ ᠬᠡᠮᠵᠢᠶ᠎ᠡ ᠶᠢ ᠪᠠᠭᠤᠷᠠᠭᠤᠯᠬᠤ ᠶᠢ ᠬᠦᠰᠡᠵᠦ ᠪᠠᠶᠢᠨ᠎ᠠ᠃    ︽ᠰᠣᠷᠢᠨᠵᠢᠨ ᠢᠶᠠᠷ ᠬᠥᠷᠥᠭᠡᠬᠦ ᠰᠤᠳᠤᠯᠭᠠᠨ ᠤ ᠪᠣᠭᠤᠮᠢ ᠮᠡᠷᠭᠡᠵᠢᠯ ᠤᠨ ᠠᠰᠠᠭᠤᠳᠠᠯ ᠪᠣᠯ ᠳᠠᠷᠤᠢ ᠮᠠᠲ᠋ᠧᠷᠢᠶᠠᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠶᠢᠨ ᠠᠷᠭ᠎ᠠ ᠦᠭᠡᠢ᠂ ᠮᠠᠲ᠋ᠧᠷᠢᠶᠠᠯ ᠤᠨ ᠤᠬᠠᠭᠠᠨ ᠳᠤ ᠪᠤᠴᠠᠭᠠᠵᠤ᠂ ᠰᠠᠭᠤᠷᠢ ᠰᠤᠳᠤᠯᠭᠠᠨ ᠠᠴᠠ ᠡᠬᠢᠯᠡᠨ ᠬᠢᠬᠦ ᠶᠠᠪᠤᠳᠠᠯ ᠪᠣᠯᠣᠨ᠎ᠠ᠂ ᠳᠠᠷᠤᠢ ᠰᠢᠨ᠎ᠡ ᠮᠡᠷᠭᠡᠵᠢᠯ ᠢ ᠮᠠᠲ᠋ᠧᠷᠢᠶᠠᠯ ᠤᠨ ᠤᠬᠠᠭᠠᠨ ᠳᠤ ᠬᠡᠷᠡᠭᠯᠡᠵᠦ᠂ ᠤᠯᠠᠨ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠣᠨ ᠬᠤᠪᠣᠷ ᠰᠢᠷᠣᠢ ᠴᠢᠨᠠᠭᠰᠢᠯᠠᠪᠠᠯ ᠨᠡᠩ ᠤᠯᠠᠨ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠬᠦ ᠶᠠᠪᠤᠳᠠᠯ ᠪᠣᠯᠣᠨ᠎ᠠ︾ ᠭᠡᠵᠦ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠬᠠᠩᠵᠧᠦ ᠶᠢᠨ ᠬᠤᠪᠢᠶᠠᠷᠢ ᠬᠦᠷᠢᠶᠡᠯᠡᠩ ᠤᠨ ᠳᠡᠳ᠋ ᠳᠠᠷᠤᠭ᠎ᠠ ᠶᠠᠨ ᠬᠤᠩ ᠸᠧᠢ ᠬᠡᠯᠡᠪᠡ᠃     ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠡᠴᠦᠰ ᠤᠨ ᠡᠴᠦᠰ ᠲᠡᠭᠡᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠴᠢᠳᠠᠪᠤᠷᠢᠲᠠᠨ ᠳᠤ ᠲᠦᠰᠢᠭᠯᠡᠬᠦ ᠬᠡᠷᠡᠭᠲᠡᠢ᠃     ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠶᠠᠨ ᠸᠧᠢ ᠸᠧᠢ ᠲᠠᠢ ᠠᠳᠠᠯᠢ ᠥᠨᠳᠥᠷ ᠰᠤᠷᠤᠯᠭ᠎ᠠ ᠶᠢᠨ ᠨᠠᠮᠲᠠᠷ ᠲᠠᠢ ᠬᠤᠪᠣᠷ ᠰᠢᠷᠣᠢ ᠶᠢᠨ ᠵᠠᠯᠠᠭᠤ ᠴᠢᠳᠠᠪᠤᠷᠢᠲᠠᠨ ᠢ ᠴᠤᠭᠯᠠᠷᠠᠭᠤᠯᠵᠤ᠂ ᠲᠡᠳᠡᠨ ᠤ ᠰᠤᠳᠤᠯᠭᠠᠨ ᠤ ᠰᠡᠳᠦᠪ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠤᠭ ᠤᠨ ᠡᠮᠦᠨ᠎ᠡ ᠵᠠᠬ᠎ᠠ ᠳᠤ ᠲᠦᠪᠯᠡᠷᠡᠨ ᠬᠦᠨ᠎ᠡ ᠦᠨᠳᠦᠰᠦᠯᠡᠭᠦᠯᠦᠭᠰᠡᠨ ᠲᠦᠷᠦᠯ ᠵᠦᠢᠯ ᠨᠢ ᠬᠠᠮᠢᠶ᠎ᠠ ᠪᠦᠬᠦᠢ ᠬᠦᠷᠢᠶᠡᠨ ᠳᠤ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠦ ᠴᠢᠳᠠᠨ᠎ᠠ᠃ ᠡᠳᠡᠭᠡᠷ ᠰᠢᠨᠵᠢᠯᠡᠬᠦ ᠤᠬᠠᠭᠠᠨ ᠤ ᠰᠤᠳᠤᠯᠭᠠᠨ ᠤ ᠬᠦᠰᠡᠯ ᠬᠥᠭᠡᠭᠡᠴᠡᠯᠳᠦᠭᠴᠢ ᠨᠢ ᠲᠤᠰ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠰᠦᠷ ᠳᠠᠯᠠᠶᠢᠴᠠᠲᠠᠢ ᠠᠮᠢᠵᠢᠷᠠᠯ ᠤᠨ ᠬᠦᠴᠦᠨ ᠨᠡᠮᠡᠷᠢᠯᠡᠵᠡᠢ᠃     ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯ ᠬᠤᠪᠣᠷ ᠰᠢᠷᠣᠢ ᠶᠢᠨ ᠴᠢᠳᠠᠪᠤᠷᠢᠲᠠᠨ ᠢ ᠬᠥᠮᠥᠵᠢᠭᠦᠯᠬᠦ ᠥᠯᠥᠭᠡᠢ ᠪᠣᠯᠣᠨ᠎ᠠ᠂ ᠠᠳᠡ ᠴᠢᠳᠠᠪᠤᠷᠢᠲᠠᠨ ᠤ ᠬᠥᠭᠵᠢᠯᠲᠡ ᠶᠢᠨ ᠣᠷᠣᠨ ᠵᠠᠢ᠂ ᠬᠦᠨᠳᠦᠳᠬᠡᠭᠳᠡᠬᠦ ᠬᠡᠮᠵᠢᠶ᠎ᠡ᠂ ᠪᠡᠯᠡ ᠮᠥᠩᠭᠦᠨ ᠤ ᠨᠥᠬᠦᠪᠦᠷᠢ᠂ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠵᠢᠴᠢ ᠠᠵᠤ ᠠᠬᠤᠶᠢᠯᠠᠯ ᠤᠨ ᠨᠡᠶᠢᠲᠡᠯᠡᠭᠰᠡᠨ ᠪᠡᠯᠡ ᠮᠥᠩᠭᠦᠨ ᠤ ᠳᠡᠮᠵᠢᠯᠭᠡ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠭᠠᠵᠠᠷ ᠬᠡᠷᠡᠭᠯᠡᠬᠦ ᠬᠠᠷᠠᠭᠠᠯᠵᠠᠯ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠨᠢ ᠨᠠᠳᠠ ᠳᠤ ᠪᠤᠰᠤᠳ ᠬᠤᠳᠠ ᠠᠴᠠ ᠳᠠᠪᠠᠭᠤᠯᠢᠭ ᠪᠠᠶᠢᠬᠤ ᠢᠯᠡᠷᠬᠡᠢ ᠵᠥᠷᠢᠶ᠎ᠡ ᠶᠢ ᠮᠡᠳᠡᠷᠡᠭᠦᠯᠵᠡᠢ︾ ᠭᠡᠵᠦ ᠭᠦ᠋ᠷᠮᠠᠨ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠳ᠋ᠣᠺᠲ᠋ᠣᠷ ᠢᠦᠢ ᠵᠢᠶᠦ᠋ᠨ ᠬᠡᠯᠡᠪᠡ᠃ ᠣᠳᠣᠬᠠᠨ ᠳᠤ᠂ ᠢᠦᠢ ᠵᠢᠶᠦ᠋ᠨ ᠤ ᠪᠦᠯᠬᠦᠮ ᠤᠨ ᠬᠢᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠦᠩ ᠯᠢᠶᠠᠩ ᠫᠷᠤᠹᠥᠰᠰᠤᠷ᠂ ᠴᠢᠩᠬᠤᠸᠠ ᠶᠡᠭᠡ ᠰᠤᠷᠭᠠᠭᠤᠯᠢ ᠶᠢᠨ ᠱᠤᠤ ᠵᠦ ᠹᠧᠩ ᠫᠷᠤᠹᠥᠰᠰᠤᠷ ᠵᠡᠷᠭᠡ ᠲᠤᠰᠬᠠᠢ ᠮᠡᠷᠭᠡᠵᠢᠯᠲᠡᠨ ᠤ ᠪᠦᠯᠬᠦᠮ ᠢᠶᠠᠷ ᠮᠡᠷᠭᠡᠵᠢᠯ ᠤᠨ ᠲᠤᠯᠭᠠᠭᠤᠷᠢᠯᠠᠯ ᠪᠣᠯᠭᠠᠨ᠂ ᠱᠠ ᠰᠢᠶᠣᠣ ᠶᠦᠩ᠂ ᠵᠧᠦ ᠲᠤᠤ ᠵᠡᠷᠭᠡ ᠪᠤᠭᠤᠲᠤ ᠶᠢᠨ ᠨᠤᠲᠤᠭ ᠤᠨ ᠵᠠᠯᠠᠭᠤ ᠴᠢᠳᠠᠪᠤᠷᠢᠲᠠᠨ ᠢᠶᠠᠷ ᠮᠡᠷᠭᠡᠵᠢᠯ ᠤᠨ ᠭᠤᠣᠯᠯᠠᠭᠴᠢ ᠬᠦᠴᠦᠨ ᠪᠣᠯᠭᠠᠭᠰᠠᠨ ᠭᠤᠷᠪᠠᠨ ᠳᠡᠰ ᠤᠨ ᠴᠢᠳᠠᠪᠤᠷᠢᠲᠠᠨ ᠤ ᠰᠦᠯᠵᠢᠶ᠎ᠡ ᠶᠢ ᠠᠮᠵᠢᠯᠳᠠ ᠲᠠᠢ ᠪᠠᠶᠢᠭᠤᠯᠵᠣ  ᠮᠠᠰᠢᠨ ᠬᠥᠮᠥᠨ ᠤ ᠣᠶᠤᠨᠴᠢᠯᠠᠭᠰᠠᠨ ᠰᠤᠳᠤᠯᠭᠠᠨ ᠤ ᠬᠦᠷᠢᠶᠡᠨ ᠳᠤ ᠤᠯᠤᠰ ᠤᠨ ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠴᠡᠢ᠃    ︽ᠬᠤᠪᠣᠷ ᠰᠢᠷᠣᠢ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠮᠥᠨ᠂ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠬᠡᠷᠬᠢᠨ ᠰᠠᠶᠢᠲᠤᠷ ᠦᠢᠯᠡᠴᠢᠯᠡᠬᠦ ᠳᠤ ᠴᠢᠳᠠᠪᠤᠷᠢᠲᠠᠨ ᠪᠣᠯ ᠵᠠᠩᠭᠢᠯᠠᠭ᠎ᠠ ᠶᠢᠨ ᠪᠠᠲᠤᠯᠠᠭ᠎ᠠ ᠮᠥᠨ᠃ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠤ ︽︿ᠬᠤᠪᠣᠷ ᠰᠢᠷᠣᠢ ᠶᠢᠨ ᠴᠢᠳᠠᠪᠤᠷᠢᠲᠠᠨ ᠤ ᠥᠨᠳᠦᠷᠯᠢᠭ ᠭᠠᠵᠠᠷ﹀᠎ ᠢ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2023︱2025︶︾ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠪᠡᠷ ᠨᠡᠶᠢᠲᠡᠯᠡᠪᠡ᠃ ᠰᠢᠨ᠎ᠡ ᠪᠠᠷ ᠣᠷᠣᠭᠤᠯᠤᠨ ᠠᠪᠴᠢᠷᠠᠭᠰᠠᠨ ᠡᠯ᠎ᠡ ᠱᠠᠲᠤᠨ ᠤ ᠡᠯ᠎ᠡ ᠲᠥᠷᠥᠯ ᠤᠨ ᠴᠢᠳᠠᠪᠤᠷᠢᠲᠠᠨ ᠳᠤ ᠵᠣᠬᠢᠬᠤ ᠪᠠᠷᠢᠮᠵᠢᠶ᠎ᠠ ᠶᠢᠨ ᠱᠠᠩᠨᠠᠯ ᠪᠠ ᠲᠡᠳᠬᠦᠮᠵᠢ ᠣᠯᠭᠤᠵᠤ᠂ 2025 ᠣᠨ ᠤ ᠰᠡᠭᠦᠯᠴᠢ ᠪᠣᠯᠬᠤ ᠳᠤ᠂ ᠬᠤᠪᠣᠷ ᠰᠢᠷᠣᠢ ᠶᠢᠨ ᠬᠦᠷᠢᠶᠡᠨ ᠤ ᠳᠡᠭᠡᠳᠦ ᠲᠠᠰ ᠤᠨ ᠴᠢᠳᠠᠪᠤᠷᠢᠲᠠᠨ 7000 ᠬᠥᠮᠥᠨ ᠠᠴᠠ ᠳᠡᠭᠡᠭᠰᠢ᠂ ᠪᠦᠯᠬᠦᠮ ᠨᠡᠶᠢᠲᠡ ᠶᠢ 60᠎ ᠠᠴᠠ ᠳᠡᠭᠡᠭᠰᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠪᠠᠷ ᠴᠢᠷᠮᠠᠶᠢᠨ᠎ᠠ︾ ᠭᠡᠵᠦ ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠳᠠᠷᠤᠭ᠎ᠠ ᠵᠣᠣ ᠵᠧᠩ ᠢᠯᠡᠷᠬᠡᠶᠢᠯᠡᠪᠡ᠃    ᠣᠳᠣᠬᠠᠨ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠶᠢᠨ ᠰᠠᠶᠢᠬᠠᠨ ᠠᠵᠤ ᠦᠢᠯᠡᠰ ᠤᠨ ᠣᠷᠴᠢᠨ ᠲᠣᠭᠤᠷᠢᠨ ᠪᠣᠯᠣᠨ ᠲᠦᠷᠦ ᠶᠢᠨ ᠪᠣᠳᠣᠯᠭ᠎ᠠ ᠶᠢᠨ ᠠᠭᠤᠷ ᠠᠮᠢᠰᠬᠤᠯ ᠤᠨ ᠲᠠᠶᠢᠴᠢᠯᠠᠯ ᠢᠶᠠᠷ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠤᠰᠤᠲᠥ᠋ᠷᠥᠭᠴᠢ ᠶᠢᠨ ᠮᠠᠲ᠋ᠧᠷᠢᠶᠠᠯ ᠤᠨ ᠲᠠᠰᠤᠭ ᠤᠨ ᠯᠢ ᠪᠦᠦ ᠴᠢᠣᠸᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠬᠢᠨ ᠰᠠᠯᠬᠢ᠂ ᠭᠡᠷᠡᠯ᠂ ᠤᠰᠤᠲᠥ᠋ᠷᠥᠭᠴᠢ᠂ ᠴᠠᠬᠢᠯᠭᠠᠨ᠂ ᠢᠯᠴᠢ ᠶᠢᠨ ᠬᠠᠷᠢᠯᠴᠠᠨ ᠨᠥᠬᠦᠪᠦᠷᠢᠯᠡᠬᠦ ᠥᠨᠳᠥᠷ ᠪᠦᠲᠦᠮᠵᠢᠲᠡᠢ ᠲᠣᠭᠲᠠᠭᠤᠨ ᠠᠵᠢᠯᠯᠠᠭᠠᠨ ᠤ ᠵᠠᠩᠭᠢᠯᠠᠭ᠎ᠠ ᠶᠢᠨ ᠮᠡᠷᠭᠡᠵᠢᠯ ᠢ ᠰᠢᠢᠳᠪᠦᠷᠢᠯᠡᠬᠦ ᠪᠠᠷ ᠴᠢᠷᠮᠠᠶᠢᠵᠤ  ᠲᠠᠬᠢᠨ ᠡᠭᠦᠰᠴᠦ ᠪᠣᠯᠬᠤ ᠡᠨᠧᠷᠭᠢ᠂ ᠤᠰᠤᠲᠥ᠋ᠷᠥᠭᠴᠢ ᠶᠢᠨ ᠡᠨᠧᠷᠭᠢ ᠶᠢᠨ ᠬᠠᠳᠠᠭᠠᠯᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠶᠢᠰᠦᠳᠦᠭᠡᠷ ᠬᠤᠭᠤᠴᠠᠭᠠᠨ ᠤ ︽ᠵᠠᠯᠠᠭᠤ ᠴᠢᠳᠠᠪᠤᠷᠢᠲᠠᠨ ᠢ ᠨᠠᠶᠢᠳᠠᠨ ᠳᠡᠪᠰᠢᠭᠦᠯᠬᠦ ᠢᠨᠵᠧᠨᠧᠷᠢᠩ︾ ᠎ ᠳᠤ ᠰᠣᠩᠭᠤᠭᠳᠠᠭᠰᠠᠨ ᠸᠠᠩ ᠸᠧᠢ ᠸᠧᠢ᠂ 5 ᠵᠢᠯ ᠤᠨ ᠲᠤᠷᠰᠢ ︽ᠪᠠᠶᠠᠨ᠋ᠣ᠋ᠪᠣᠭ᠎ᠠ ᠶᠢᠨ ᠬᠤᠪᠣᠷ ᠰᠢᠷᠣᠢ ᠶᠢᠨ ᠳᠠᠭᠠᠯᠳᠤᠭᠰᠠᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ︾ ᠰᠤᠳᠤᠯᠭᠠᠨ ᠢ ᠦᠷᠭᠦᠯᠵᠢᠯᠡᠭᠦᠯᠦᠨ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠦᠷᠦᠯ ᠵᠦᠢᠯ ᠵᠡᠷᠭᠡ ᠮᠤᠵᠢ ᠶᠠᠮᠤᠨ ᠤ ᠲᠡᠰ ᠠᠴᠠ ᠳᠡᠭᠡᠭᠰᠢᠬᠢ 7 ᠲᠦᠷᠦᠯ ᠵᠦᠢᠯ ᠢ ᠡᠷᠬᠢᠯᠡᠨ ᠬᠢᠭᠰᠡᠨ ᠪᠠ ᠲᠡᠭᠦᠨ ᠳᠤ ᠣᠷᠣᠯᠴᠠᠪᠠ︔ ᠶᠠᠨᠱᠠᠨ ᠶᠡᠭᠡ ᠰᠤᠷᠭᠠᠭᠤᠯᠢ ᠶᠢᠨ ᠳ᠋ᠣᠺᠲ᠋ᠣᠷ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠤᠬᠠᠭᠠᠨ ᠤ ᠬᠦᠷᠢᠶᠡᠨ ᠤ ᠲᠤᠰᠬᠠᠢ ᠮᠡᠷᠭᠡᠵᠢᠯᠲᠡᠨ ᠵᠤᠤ ᠰᠢᠨ᠂ ᠤᠯᠤᠰ ᠤᠨ ᠳᠣᠲᠣᠭᠠᠳᠤ ᠶᠢᠨ ᠬᠤᠭᠤᠰᠤᠨ ᠢ ᠨᠥᠬᠦᠪᠦᠷᠢᠯᠡᠬᠦ᠂ ᠡᠵᠡᠯᠡᠬᠦᠨ ᠤ ᠬᠠᠳᠠᠭᠠᠯᠠᠯᠲᠠ ᠶᠢᠨ ᠨᠢᠭᠲᠠᠴᠠ ᠪᠠᠷ ᠥᠨᠳᠥᠷ᠂ ᠠᠮᠤᠷ ᠲᠦᠪᠰᠢᠨ ᠤ ᠴᠢᠳᠠᠪᠬᠢ ᠪᠠᠷ ᠰᠠᠶᠢᠨ ᠬᠤᠪᠣᠷ ᠰᠢᠷᠣᠢ ᠶᠢᠨ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ᠂ ᠤᠰᠤᠲᠥ᠋ᠷᠥᠭᠴᠢ ᠶᠢ ᠨᠡᠯᠢᠶᠡᠳ ᠶᠡᠭᠡ ᠬᠡᠪᠴᠢᠶ᠎ᠡ ᠪᠠᠷ ᠠᠮᠤᠷ ᠲᠦᠪᠰᠢᠨ ᠢᠶᠠᠷ ᠬᠠᠳᠠᠭᠠᠯᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠤᠰᠤᠲᠥ᠋ᠷᠥᠭᠴᠢ ᠶᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠵᠤ ᠪᠣᠯᠣᠨ᠎ᠠ ᠁     ᠥᠪᠥᠷ ᠮᠣᠩᠭᠤᠯ ᠤᠨ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠢᠮᠠᠭᠲᠠ ᠰᠢᠯᠢᠳᠡᠭ ᠵᠠᠯᠠᠭᠤ ᠴᠢᠳᠠᠪᠤᠷᠢᠲᠠᠨ ᠢ ᠢᠷᠡᠭᠡᠳᠦᠢ ᠶᠢ ᠲᠡᠮᠡᠴᠡᠨ ᠣᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠬᠦᠴᠦᠨ ᠪᠣᠯᠭᠠᠵᠤ᠂ ᠲᠡᠳᠡᠨ ᠳᠤ ᠥᠷᠭᠡᠨ ᠠᠭᠤᠳᠠᠮ ᠲᠠᠪᠴᠠᠩ ᠪᠠᠶᠢᠭᠤᠯᠤᠨ ᠥᠭᠴᠦ᠂ ᠲᠡᠳᠡᠨ ᠤ ᠮᠡᠳᠡᠯᠭᠡ ᠪᠠᠷ ᠵᠡᠪᠰᠡᠭ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ︽ᠭᠦᠨ ᠤᠰᠤᠨ ᠤ ᠣᠷᠣᠨ︾᠎ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠂ ᠬᠤᠪᠣᠷ ᠰᠢᠷᠣᠢ ᠶᠢᠨ ᠠᠵᠤ ᠦᠢᠯᠡᠰ ᠤᠨ ᠨᠢᠭᠡ ᠪᠦᠯᠦᠭ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠤᠯᠠᠷᠢᠭᠤᠯᠬᠤ ᠶᠢ ᠠᠬᠢᠭᠤᠯᠤᠨ᠎ᠠ᠃ ᠡᠳᠡᠭᠡᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︽ᠰᠢᠨ᠎ᠡ ᠵᠠᠯᠠᠭᠤᠴᠤᠳ︾ ᠶᠠᠭ ᠴᠢᠷᠮᠠᠶᠢᠨ ᠲᠡᠮᠡᠴᠡᠬᠦ ᠳᠦᠷᠢ ᠲᠥᠷᠬᠦ ᠪᠠᠷ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠵᠠᠯᠠᠭᠤ ᠨᠠᠰᠤᠨ ᠤ ᠬᠠᠯᠠᠭᠤᠨ ᠴᠢᠰᠤ ᠪᠠᠨ ᠤᠷᠤᠰᠬᠠᠵᠤ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠢ ᠲᠠᠰᠤᠷᠠᠯᠲᠠ ᠦᠭᠡᠢ ᠠᠬᠢᠭᠤᠯᠤᠨ ᠶᠡᠭᠡ ᠦᠢᠯᠡᠳᠦᠯ ᠦᠵᠡᠭᠦᠯᠵᠦ᠂ ᠥᠨᠳᠥᠷ ᠲᠦᠪᠰᠢᠨ ᠳᠤ ᠬᠦᠷᠭᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号