ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠥᠨᠳᠥᠷ ᠪᠦᠲᠦᠮᠵᠢᠲᠡᠶ ᠲᠠᠲᠠᠪᠤᠷᠢᠯᠠᠨ ᠨᠤᠷᠠᠭᠠᠬᠤ︾᠎ ᠪᠠᠷ ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/1/3
     12 ᠰᠠᠷ᠎ᠠ ᠶᠢᠨ 29᠎ ᠤ ᠡᠳᠦᠷ ᠤᠨ ᠣᠷᠣᠢ ᠶᠢᠨ 8 ᠴᠠᠭ ᠲᠤ᠂ 2023 ᠣᠨ ᠤ ᠬᠠᠮᠤᠭ ᠰᠡᠭᠦᠯᠴᠢ ᠶᠢᠨ ᠨᠢᠭᠡ ᠠᠵᠢᠯ ᠤᠨ ᠡᠳᠦᠷ ᠲᠤ᠂ ︽210 ᠤᠯᠤᠰ ᠤᠨ ᠵᠠᠮ ᠠᠴᠠ ᠵᠡᠭᠦᠨᠰᠢᠬᠢ ᠣᠷᠣᠨ ᠪᠦᠰᠡ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠨ ᠨᠤᠷᠠᠭᠠᠬᠤ ᠠᠵᠢᠯ ᠤᠨ ᠵᠢᠯᠤᠭᠤᠳᠬᠤ ᠭᠠᠵᠠᠷ︾᠎ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠳᠤᠭᠤᠶᠢᠯᠠᠩ ᠤᠨ ᠠᠵᠢᠯᠲᠠᠳ ᠮᠥᠨ ᠬᠦ ᠴᠡᠭᠴᠡᠯᠡᠨ ᠥᠭᠡᠷᠡᠴᠢᠯᠡᠬᠦ ᠮᠠᠲ᠋ᠧᠷᠢᠶᠠᠯ ᠢ ᠴᠠᠭ ᠨᠡᠮᠡᠵᠦ ᠠᠵᠢᠯᠯᠠᠭᠤᠯᠤᠨ᠂ ᠲᠣᠰᠬᠤᠨ ᠤ ᠠᠷᠠᠳ ᠲᠤ ᠲᠠᠲᠠᠪᠤᠷᠢᠯᠠᠨ ᠨᠤᠷᠠᠭᠠᠬᠤ ᠨᠥᠬᠦᠪᠦᠷᠢ ᠶᠢᠨ ᠵᠣᠭᠤᠰ ᠢ ᠬᠠᠮᠤᠭ ᠤᠨ ᠲᠦᠷᠭᠡᠨ ᠢᠶᠠᠷ ᠣᠯᠭᠤᠬᠤ ᠳᠤ ᠲᠥᠬᠦᠮ ᠦᠵᠡᠭᠦᠯᠵᠦ ᠪᠠᠶᠢᠨ᠎ᠠ᠂ ᠡᠨᠡ ᠪᠣᠯ ᠲᠡᠳᠡᠨ ᠤ 9 ᠰᠠᠷ᠎ᠠ ᠶᠢᠨ 20᠎ ᠤ ᠡᠳᠦᠷ ᠳᠤᠭᠤᠶᠢᠯᠠᠩ ᠳᠤ ᠣᠷᠣᠭᠰᠠᠨ ᠠᠴᠠ ᠨᠠᠰᠢ ᠦᠷᠭᠦᠯᠵᠢᠯᠡᠨ ᠲᠡᠮᠡᠴᠡᠭᠰᠡᠨ ᠤ 101 ᠳ᠋ᠣᠭᠡᠷ ᠡᠳᠦᠷ ᠰᠥᠨᠢ ᠪᠣᠯᠣᠨ᠎ᠠ᠃     ᠲᠤᠬᠠᠢ ᠶᠢᠨ ᠡᠳᠦᠷ᠂ 70 ᠳ᠋ᠤᠭᠠᠷ ᠬᠦᠷᠢᠶ᠎ᠡ ᠨᠢ ᠤᠬᠤᠭᠤᠷ ᠮᠠᠰᠢᠨ ᠤ ᠠᠵᠢᠯᠯᠠᠭ᠎ᠠ ᠶᠢᠨ ᠳᠣᠣᠷ᠎ᠠ ᠨᠤᠷᠠᠬᠤ ᠶᠢ ᠳᠠᠭᠠᠯᠳᠤᠨ᠂ 210 ᠳ᠋ᠤᠭᠠᠷ ᠤᠯᠤᠰ ᠤᠨ ᠵᠠᠮ ᠠᠴᠠ ᠵᠡᠭᠦᠨᠰᠢ᠂ ᠨᠢᠰᠬᠡᠯ ᠤᠨ ᠪᠠᠭᠤᠳᠠᠯ ᠠᠴᠠ ᠡᠮᠦᠨᠡᠰᠢ ᠂ ᠴᠧᠨ ᠭᠤᠸᠠᠩ ᠵᠠᠮ ᠠᠴᠠ ᠪᠠᠷᠠᠭᠤᠨᠰᠢ᠂ ᠯᠢᠩ ᠶᠦᠨ ᠵᠠᠮ ᠠᠴᠠ ᠬᠤᠶᠢᠰᠢ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠲᠠᠯᠠᠪᠠᠶ ᠨᠢ 5000 ᠭᠠᠷᠤᠢ ᠮᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠥᠯᠥᠪᠵᠢᠭᠦᠯᠵᠦ᠂ 91%᠎ ᠶᠢᠨ ᠭᠡᠷ ᠪᠠᠶᠢᠰᠢᠩ ᠢ ᠲᠠᠲᠠᠪᠤᠷᠢᠯᠠᠵᠤ᠂ 6 ᠬᠡᠰᠡᠭ ᠭᠠᠵᠠᠷ ᠠᠴᠠ 2000 ᠭᠠᠷᠤᠢ ᠮᠦ ᠭᠠᠵᠠᠷ ᠰᠢᠷᠣᠢ ᠶᠢ ᠬᠤᠷᠢᠶᠠᠨ ᠠᠪᠴᠤ᠂ ᠪᠥᠬᠦ ᠵᠢᠯ ᠤᠨ ᠲᠠᠲᠠᠪᠤᠷᠢᠯᠠᠨ ᠨᠤᠷᠠᠭᠠᠬᠤ ᠬᠠᠷᠠᠯᠲᠠ ᠶᠢ ᠨᠢᠭᠡᠨᠲᠡ ᠳᠠᠪᠠᠭᠤᠯᠤᠨ ᠪᠡᠶᠡᠯᠡᠭᠦᠯᠵᠡᠢ᠃
    ︽ᠲᠠᠲᠠᠪᠤᠷᠢᠯᠠᠨ ᠨᠤᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠨ ᠪᠠᠶᠢᠭᠤᠯᠬᠤ ᠨᠢ ᠪᠤᠭᠤᠲᠤ ᠶᠢᠨ ︿ᠬᠤᠶᠠᠷ ᠬᠤᠪᠣᠷ ᠰᠢᠷᠣᠢ ᠶᠢᠨ ᠰᠠᠭᠤᠷᠢᠨ﹀᠎ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠵᠤ᠂︿ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ﹀᠎ ᠳᠤ ᠬᠤᠯᠪᠣᠭᠳᠠᠨ᠎ᠠ᠂ ᠡᠨᠡ ᠪᠣᠯ ᠤᠯᠤᠰ ᠤᠨ ᠡᠭᠦᠷᠭᠡ᠂ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ᠎ᠠ᠃ ᠪᠢᠳᠡ ᠶᠠᠭ ᠡᠷᠴᠢ ᠵᠣᠷᠢᠭ ᠢᠶᠠᠨ ᠬᠥᠪᠴᠢᠯᠡᠵᠦ᠂ ᠴᠠᠭ ᠮᠥᠴᠡ ᠶᠢ ᠠᠯᠳᠠᠯ ᠦᠭᠡᠢ ᠲᠡᠮᠡᠴᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︿ᠨᠢᠭᠡ ᠵᠢᠯ ᠳᠤ ᠥᠷᠨᠢᠭᠦᠯᠵᠦ᠂ ᠬᠤᠶᠠᠷ ᠵᠢᠯ ᠳᠤ ᠠᠮᠵᠢᠯᠲᠠ ᠭᠠᠷᠭᠠᠵᠤ᠂ ᠭᠤᠷᠪᠠᠨ ᠵᠢᠯ ᠳᠤ ᠦᠷ᠎ᠡ ᠪᠦᠲᠦᠮᠵᠢ ᠭᠠᠷᠭᠠᠬᠤ﹀ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠤᠷᠳᠤᠴᠠ ᠪᠠᠷ ᠲᠦᠯᠬᠢᠨ ᠠᠬᠢᠭᠤᠯᠵᠤ ᠪᠠᠶᠢᠨ᠎ᠠ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠲᠠᠲᠠᠪᠤᠷᠢᠯᠠᠨ ᠨᠤᠷᠠᠭᠠᠬᠤ ᠶᠡᠷᠦᠩᠬᠡᠢ ᠵᠢᠯᠣᠭᠤᠳᠤᠭᠴᠢ ᠵᠠᠩ ᠴᠢᠶᠠᠩ ᠢᠯᠡᠷᠬᠡᠶᠢᠯᠡᠪᠡ᠃
     ᠣᠶᠢᠯᠠᠭᠠᠭᠰᠠᠨ ᠢᠶᠠᠷ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠣᠯ ᠲᠠᠯᠠᠪᠤᠷ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠪᠦᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠭᠤᠣᠯ ᠭᠠᠷᠳᠠᠴᠠ ᠪᠣᠯᠭᠠᠵᠤ᠂ ᠲᠠᠲᠠᠪᠤᠷᠢᠯᠠᠨ ᠨᠤᠷᠠᠭᠠᠬᠤ ᠶᠢ ᠵᠢᠯᠤᠭᠤᠳᠬᠤ ᠭᠠᠵᠠᠷ ᠲᠤ ᠶᠡᠷᠦᠩᠬᠡᠶᠢᠯᠡᠭᠰᠡᠨ ᠳᠤᠭᠤᠶᠢᠯᠠᠩ ᠪᠠᠶᠢᠭᠤᠯᠵᠤ᠂ ᠨᠡᠭᠦᠯᠭᠡᠨ ᠰᠢᠯᠵᠢᠭᠦᠯᠬᠦ ᠳᠤᠭᠤᠶᠢᠯᠠᠩ᠂ ᠨᠡᠭᠦᠯᠭᠡᠨ ᠰᠢᠯᠵᠢᠭᠦᠯᠬᠦ ᠬᠤᠶᠠᠳᠤᠭᠠᠷ ᠳᠤᠭᠤᠶᠢᠯᠠᠩ᠂ ᠪᠡᠯᠡ ᠮᠥᠩᠭᠦ ᠶᠢᠨ ᠪᠠᠲᠤᠯᠠᠭ᠎ᠠ ᠶᠢᠨ ᠳᠤᠭᠤᠶᠢᠯᠠᠩ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠬᠠᠮᠢᠶᠠᠷᠤᠨ ᠡᠵᠡᠮᠳᠡᠬᠦ ᠳᠤᠭᠤᠶᠢᠯᠠᠩ᠂ ᠨᠡᠶᠢᠭᠡᠮ ᠤᠨ ᠲᠣᠭᠲᠠᠭᠤᠨ ᠢ ᠡᠵᠡᠮᠳᠡᠬᠦ ᠳᠤᠭᠤᠶᠢᠯᠠᠩ᠂ ᠰᠢᠮᠳᠠᠭᠤᠯᠤᠨ ᠪᠠᠶᠢᠴᠠᠭᠠᠵᠤ ᠬᠢᠨᠠᠯᠲᠠ ᠲᠠᠯᠪᠢᠬᠤ ᠳᠤᠭᠤᠶᠢᠯᠠᠩ ᠵᠡᠷᠭᠡ 7 ᠠᠵᠢᠯᠯᠠᠬᠤ ᠳᠤᠭᠤᠶᠢᠯᠠᠩ ᠢ ᠪᠠᠶᠢᠭᠤᠯᠪᠠ᠃ 83 ᠨᠡᠷᠡᠰ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠠᠲᠠᠵᠤ ᠬᠦᠴᠦᠨ ᠢᠶᠠᠨ ᠲᠥᠪᠯᠡᠷᠡᠭᠦᠯᠦᠨ᠂ ᠦᠢᠯᠡᠳᠪᠦᠷᠢᠯᠡᠯ ᠠᠴᠠ ᠰᠠᠯᠭᠠᠵᠤ ᠪᠣᠭᠤᠮᠲᠠ ᠰᠢᠪᠲᠤᠯᠤᠨ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠤᠨ ᠬᠤᠷᠠᠯ ᠢ 30 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠰᠢᠷᠣᠢ ᠶᠢ ᠵᠡᠷᠭᠡ ᠳᠤᠨᠢ ᠮᠡᠳᠡᠭᠦᠯᠦᠨ ᠵᠥᠪᠰᠢᠶᠡᠷᠡᠭᠦᠯᠬᠦ᠂ ᠵᠡᠷᠭᠡ ᠳᠤᠨᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠡᠷᠭᠡ ᠳᠤᠨᠢ ᠬᠤᠳᠠᠯᠳᠤᠭᠠᠴᠢᠨ ᠤᠷᠢᠬᠤ ︽ᠳᠥᠷᠪᠡ ᠶᠢ ᠵᠡᠷᠭᠡ ᠳᠤᠨᠢ ᠬᠢᠬᠦ︾ ᠵᠠᠷᠴᠢᠮ ᠶᠣᠰᠣᠭᠠᠷ᠂ ᠡᠳᠦᠷ ᠰᠥᠨᠢ ᠦᠭᠡᠢ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠦᠯᠬᠦᠮᠳᠡᠨ ᠬᠠᠮᠵᠢᠯᠴᠠᠵᠤ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠤᠨ᠂ ᠲᠠᠲᠠᠪᠤᠷᠢᠯᠠᠨ ᠨᠤᠷᠠᠭᠠᠬᠤ ᠠᠵᠢᠯ ᠤᠨ ᠡᠳᠦᠷ ᠪᠦᠷᠢ ᠠᠬᠢᠴᠠ ᠲᠠᠢ᠂ ᠡᠳᠦᠷ ᠪᠦᠷᠢ ᠠᠬᠢᠴᠠ ᠲᠠᠢ ᠪᠠᠶᠢᠬᠤ ᠶᠢ ᠦᠨᠡᠨᠬᠦ ᠪᠠᠲᠤᠯᠠᠪᠠ᠃ ︽ᠨᠤᠷᠠᠭᠠᠵᠤ ᠨᠡᠭᠦᠯᠭᠡᠬᠦ ᠡᠷᠦᠬᠡ ᠨᠢ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠂ ᠲᠥᠪ ᠭᠤᠥᠯᠴᠢ ᠪᠠᠷ ᠬᠡᠷᠡᠭᠵᠢᠭᠦᠯᠬᠦ ᠵᠢᠴᠢ ᠬᠥᠮᠥᠨ ᠬᠥᠮᠥᠨ ᠤ ᠬᠤᠭᠤᠷᠣᠨᠳᠣᠬᠢ ᠲᠥᠪ ᠭᠤᠥᠯᠴᠢ ᠶᠢ ᠬᠠᠮᠤᠭ ᠠᠴᠠ ᠢᠯᠡᠭᠦᠦ ᠠᠩᠬᠠᠷᠳᠠᠭ᠃ ᠪᠢᠳᠡ ᠡᠭᠦᠨ ᠢ ᠪᠠᠲᠤ ᠡᠵᠡᠮᠳᠡᠵᠦ᠂ ᠬᠡᠮᠵᠢᠨ ᠪᠤᠳᠤᠬᠤ ᠶᠠᠪᠤᠴᠠ ᠳᠤ᠂︿ᠲᠣᠰᠬᠤᠨ ᠤ ᠠᠷᠠᠳ ᠤᠨ ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ﹀ᠵᠠᠷᠴᠢᠮ ᠢᠶᠠᠷ᠂ ᠨᠢᠭᠡᠳᠦᠯᠲᠡᠢ ᠪᠠᠷᠢᠮᠵᠢᠶ᠎ᠠ ᠶᠢ ᠬᠡᠷᠡᠭᠵᠢᠭᠦᠯᠵᠦ᠂ ᠬᠦᠷᠢᠶ᠎ᠡ ᠶᠢ ᠰᠠᠯᠭᠠᠬᠤ ᠲᠠᠯ᠎ᠠ ᠪᠠᠷ ᠤᠯᠠᠨ ᠤᠳᠠᠭ᠎ᠠ ᠳᠠᠭᠤᠷᠢᠶᠠᠨ ᠲᠥᠰᠥᠭᠡᠯᠡᠨ ᠪᠤᠳᠤᠵᠤ᠂ ᠤᠨᠢᠨ ᠳᠡᠭᠡᠷ᠎ᠡ ᠨᠢ ᠠᠯᠳᠠᠭ᠎ᠠ ᠦᠭᠡᠢ ᠪᠠᠶᠢᠬᠤ ᠶᠢ ᠪᠡᠶᠡᠯᠡᠭᠦᠯᠵᠦ᠂ ᠲᠡᠳᠡᠨ ᠳᠤ ︿ᠨᠤᠷᠠᠭᠠᠵᠤ ᠨᠡᠭᠦᠯᠭᠡᠬᠦ ᠳᠠᠩᠰᠠ﹀ ︿ᠠᠵᠤ ᠠᠬᠤᠢ ᠶᠢᠨ ᠳᠠᠩᠰᠠ﹀᠂ ︿ᠲᠥᠪᠬᠢᠨᠡᠭᠦᠯᠬᠦ ᠳᠠᠩᠰᠠ﹀᠎ ᠶᠢ ᠤᠷᠢᠳᠴᠢᠯᠠᠨ ᠰᠠᠶᠢᠲᠤᠷ ᠪᠤᠳᠤᠵᠤ᠂ ᠲᠣᠰᠬᠤᠨ ᠤ ᠠᠷᠠᠳ ᠢ ᠰᠡᠳᠬᠢᠯ ᠬᠠᠨᠤᠮᠵᠢᠲᠠᠢ᠂ ᠰᠠᠨᠠᠭ᠎ᠠ ᠠᠮᠤᠷ ᠪᠠᠶᠢᠯᠭᠠᠬᠤ ᠶᠢ ᠪᠡᠶᠡᠯᠡᠭᠦᠯᠵᠡᠢ︾ᠭᠡᠵᠦ ᠬᠡᠯᠡᠪᠡ᠃ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠠᠨ ᠱᠦᠢ ᠴᠢᠤᠸᠠᠨ ᠪᠠᠯᠭᠠᠰᠤᠨ ᠤ ᠳᠠᠷᠤᠭ᠎ᠠ᠂ ᠨᠡᠭᠦᠯᠭᠡᠨ ᠰᠢᠯᠵᠢᠭᠦᠯᠬᠦ ᠬᠤᠶᠠᠳᠤᠭᠠᠷ ᠳᠤᠭᠤᠶᠢᠯᠠᠩ ᠤᠨ ᠳᠡᠳ᠋ ᠳᠠᠷᠤᠭ᠎ᠠ ᠭᠦᠸᠧ ᠰᠢᠶᠣᠣ ᠳ᠋ᠦᠩ ᠬᠡᠯᠡᠪᠡ     ᠨᠢᠭᠡᠨᠲᠡ ᠲᠠᠲᠠᠪᠤᠷᠢᠯᠠᠨ ᠨᠤᠷᠠᠭᠠᠬᠤ ᠭᠡᠷ᠎ᠡ ᠳᠤ ᠭᠠᠷ ᠤᠨ ᠦᠰᠦᠭ ᠵᠢᠷᠤᠵᠤ ᠳᠠᠭᠤᠰᠬᠠᠭᠰᠠᠨ ᠭᠠᠴᠠᠭᠠᠨ ᠤ ᠠᠷᠠᠳ ᠾᠧᠦ ᠠᠪᠤᠭᠠᠢ ᠰᠤᠷᠪᠤᠯᠵᠢᠯᠠᠭᠴᠢ ᠳᠤ ︽ᠭᠡᠷ ᠪᠠᠶᠢᠰᠢᠩ ᠢ ᠲᠠᠲᠠᠪᠤᠷᠢᠯᠠᠨ ᠨᠤᠷᠠᠭᠠᠬᠤ ᠨᠥᠬᠦᠪᠦᠷᠢ ᠶᠢᠨ ᠪᠠᠷᠢᠮᠵᠢᠶ᠎ᠠ ᠨᠢ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠦᠬᠦ ᠭᠡᠷ ᠢᠶᠠᠷ ᠢᠶᠠᠨ ᠴᠥᠮ ᠮᠠᠰᠢ ᠵᠥᠪᠰᠢᠶᠡᠷᠡᠵᠦ ᠪᠠᠶᠢᠨ᠎ᠠ᠂ ᠤᠳᠠᠯ ᠦᠭᠡᠢ ᠲᠡᠷᠡ 800 ᠭᠠᠷᠤᠢ ᠲᠡᠭᠰᠢ ᠳᠥᠷᠪᠡᠯᠵᠢᠨ ᠮᠧᠲᠷ ᠤᠨ ᠭᠠᠵᠠᠷ ᠰᠢᠷᠣᠢ ᠶᠢᠨ ᠲᠥᠯᠥᠪᠦᠷᠢ ᠶᠢᠨ ᠮᠥᠩᠭᠦ ᠪᠠ ᠭᠡᠷ ᠲᠦᠷᠢᠶᠡᠰᠦᠯᠡᠬᠦ ᠨᠥᠬᠦᠪᠦᠷᠢ ᠶᠢ ᠣᠯᠵᠤ᠂ ᠲᠡᠷᠡ ᠦᠶ᠎ᠡ ᠳᠤ ᠨᠠᠰᠤ ᠠᠬᠢᠭᠰᠠᠨ ᠡᠪᠦᠭᠡ ᠶᠢᠨ ᠢᠶᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠲᠤᠷ ᠰᠠᠶᠢᠵᠢᠷᠠᠭᠤᠯᠵᠤ ᠪᠣᠯᠣᠨ᠎ᠠ  ︾ ᠭᠡᠵᠡᠢ᠃     ᠭᠡᠲᠡᠯ᠎ᠡ ᠲᠠᠲᠠᠪᠤᠷᠢᠯᠠᠬᠤ ᠪᠠ ᠨᠤᠷᠠᠭᠠᠬᠤ ᠠᠵᠢᠯ ᠤᠨ ᠭᠦᠨᠵᠡᠭᠡᠶᠢᠷᠡᠨ ᠥᠷᠨᠢᠬᠦ ᠶᠢ ᠳᠠᠭᠠᠯᠳᠤᠨ᠂ ᠠᠰᠠᠭᠤᠳᠠᠯ ᠴᠤ ᠵᠠᠯᠭᠠᠭ᠎ᠠ ᠪᠠᠷ ᠭᠠᠷᠴᠤ ᠪᠠᠶᠢᠨ᠎ᠠ᠃ ᠬᠡᠷᠭᠢᠨ ᠵᠣᠬᠢᠰᠲᠠᠢ ᠰᠢᠢᠳᠪᠦᠷᠢᠯᠡᠭᠦ ᠪᠣᠢ︖ ᠵᠠᠪᠳᠤᠨ ᠵᠠᠶᠢᠯᠠᠬᠤ᠂ ᠵᠠᠪᠳᠤᠨ ᠳᠠᠷᠢᠬᠤ᠂ ᠵᠠᠪᠳᠤᠨ ᠪᠠᠶᠢᠭᠤᠯᠬᠤ ᠡᠯ᠎ᠡ ᠲᠥᠷᠥᠯ ᠤᠨ ᠦᠶᠯᠡ ᠠᠵᠢᠯᠯᠠᠭ᠎ᠠ ᠳᠤ ᠴᠢᠭᠯᠡᠭᠦᠯᠦᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ᠂ ᠳᠦᠷᠢᠮ ᠲᠣᠭᠲᠠᠭᠠᠯ  ᠎ ᠠᠴᠠ ᠵᠥᠷᠢᠴᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠳᠠᠷᠤᠭ᠎ᠠ ᠸᠠᠩ ᠮᠠᠨ ᠼᠠᠩ ᠠᠩᠭᠢ ᠳᠠᠭᠠᠭᠤᠯᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠥᠨᠢ ᠪᠠᠷ ᠲᠣᠭᠤᠷᠢᠨ ᠪᠠᠶᠢᠴᠠᠭᠠᠬᠤ ᠤᠳᠠᠭ᠎ᠠ ᠪᠠ ᠠᠭᠠᠷ ᠠᠴᠠ ᠰᠡᠭᠦᠳᠡᠷᠯᠡᠬᠦ ᠳᠠᠪᠲᠠᠮᠵᠢ ᠶᠢ ᠨᠡᠮᠡᠭᠳᠡᠭᠦᠯᠦᠨ᠂ ︽5 + 2︾᠂ ︽ᠠᠵᠢᠯ + ᠠᠮᠠᠷᠠᠯᠳᠠ︾᠎ ᠶᠢ ᠲᠠᠰᠤᠷᠠᠯᠲᠠ ᠦᠭᠡᠢ ᠬᠠᠮᠢᠶᠠᠷᠤᠨ ᠡᠵᠡᠮᠳᠡᠵᠦ᠂ ᠬᠠᠤᠯᠢ ᠶᠣᠰᠣᠭᠠᠷ ᠴᠠᠭ ᠲᠤᠬᠠᠢ ᠳᠤᠨᠢ ᠴᠣᠬᠢᠯᠲᠠ ᠥᠭᠪᠡ᠃    ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠠᠷᠢᠶᠠᠴᠢᠨ ᠠᠵᠢᠯᠴᠢᠨ ᠳᠠᠭᠠᠭᠠᠴᠢᠯᠠᠭᠰᠠᠨ ᠭᠠᠵᠠᠷ ᠰᠢᠷᠣᠢ ᠶᠢᠨ ᠴᠢᠬᠢ ᠮᠣᠳᠣ᠂ ᠲᠠᠷᠢᠶᠠᠨ ᠴᠢᠬᠢ ᠵᠡᠷᠭᠡ ᠭᠠᠵᠠᠷ ᠳᠡᠭᠡᠷᠡᠬᠢ ᠪᠣᠳᠠᠰ ᠢ ᠬᠡᠮᠵᠢᠨ ᠪᠤᠳᠤᠬᠤ ᠪᠠᠷᠢᠮᠵᠢᠶ᠎ᠠ᠂ ᠨᠥᠬᠦᠪᠦᠷᠢ ᠥᠭᠬᠦ ᠪᠠᠷᠢᠮᠵᠢᠶ᠎ᠠ ᠶᠢ ᠣᠶᠢᠯᠠᠭᠠᠬᠤ ᠦᠭᠡᠢ᠂ ᠮᠡᠳᠡᠷᠡᠬᠦ ᠦᠭᠡᠢ ᠪᠠᠶᠢᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠴᠢᠨ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠠᠷᠢᠭᠤᠴᠠᠯᠭᠠᠲᠠᠨ᠂ ᠨᠡᠭᠦᠯᠭᠡᠨ ᠰᠢᠯᠵᠢᠭᠦᠯᠬᠦ ᠳᠤᠭᠤᠶᠢᠯᠠᠩ ᠤᠨ ᠳᠡᠳ᠋ ᠳᠠᠷᠤᠭ᠎ᠠ ᠸᠠᠩ ᠱᠣ᠋ ᠯᠢᠨ ᠨᠠᠷ ᠢᠮᠠᠭᠲᠠ ᠲᠠᠲᠠᠪᠤᠷᠢᠯᠠᠨ ᠨᠤᠷᠠᠭᠠᠬᠤ ᠨᠢᠭᠡᠳᠦᠭᠡᠷ ᠹᠷᠣᠨᠲ ᠲᠤ ᠬᠦᠷᠴᠦ᠂ ᠡᠷᠦᠬᠡ ᠳᠤ ᠬᠦᠷᠴᠦ ᠳᠠᠶᠢᠴᠢᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠲᠠᠷᠢᠶᠠᠴᠢᠨ ᠠᠵᠢᠯᠴᠢᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠠᠷᠢᠶᠠᠴᠢᠨ ᠠᠵᠢᠯᠴᠢᠨ ᠤ ᠡᠷᠡᠭᠡᠯᠵᠡᠭᠡ ᠶᠢ ᠠᠷᠢᠯᠭᠠᠪᠠ᠃     ᠡᠭᠦᠨ ᠤ ᠵᠡᠷᠭᠡ ᠳᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠠᠲᠠᠪᠤᠷᠢᠯᠠᠨ ᠨᠤᠷᠠᠭᠠᠬᠤ ᠠᠵᠢᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠳᠠᠭᠰᠠᠨ ᠪᠥᠭᠡᠳ ᠣᠯᠠᠨ ᠤᠳᠠᠭ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠨ᠂ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠭᠠᠪᠤᠷᠢ ᠴᠣᠬᠤᠯᠠᠪᠤᠷᠢ ᠥᠭᠴᠦ᠂ ᠪᠥᠬᠦ ᠬᠦᠴᠦᠨ ᠢᠶᠠᠷ ᠢᠶᠠᠨ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠠᠮᠢᠶ᠎ᠠ ᠪᠦᠬᠦᠢ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠢ ᠰᠤᠳᠤᠯᠤᠨ ᠮᠠᠭᠠᠳᠯᠠᠵᠤ᠂ ᠣᠷᠣᠶᠢᠯᠠᠨ ᠠᠬᠢᠭᠤᠯᠵᠤ᠂ ᠵᠢᠯᠤᠭᠤᠳᠬᠤ ᠭᠠᠵᠠᠷ ᠲᠤ ᠰᠠᠭᠤᠵᠤ ᠲᠤᠬᠠᠢ ᠶᠢᠨ ᠲᠠᠯᠠᠪᠤᠷ ᠲᠤ ᠠᠵᠢᠯᠯᠠᠨ᠂ ᠬᠠᠮᠢᠶ᠎ᠠ ᠪᠦᠬᠦᠢ ᠠᠵᠢᠯ ᠤᠨ ᠲᠥᠰᠥᠯ ᠢ ᠰᠤᠳᠤᠯᠬᠤ ᠶᠢᠨ ᠬᠠᠮᠲᠤ ᠠᠬᠢᠭᠤᠯᠬᠤ ᠠᠵᠢᠯ ᠢ ᠵᠢᠯᠤᠭᠤᠳᠴᠤ᠂ ᠪᠠᠶᠢᠳᠠᠯ ᠢ ᠨᠢᠭᠡᠳᠦᠭᠡᠷ ᠹᠷᠣᠨᠲ ᠲᠤ ᠡᠵᠡᠮᠳᠡᠨ᠂ ᠨᠢᠭᠡᠳᠦᠭᠡᠷ ᠹᠷᠣᠨᠲ ᠲᠤ ᠵᠣᠬᠢᠴᠠᠭᠤᠯᠤᠨ ᠵᠢᠯᠤᠭᠤᠳᠴᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ ᠶᠢ ᠪᠡᠶᠡᠯᠡᠭᠦᠯᠵᠦ᠂ ᠲᠠᠲᠠᠪᠤᠷᠢᠯᠠᠨ ᠨᠤᠷᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠳᠣᠯᠠᠵᠣ ᠪᠠᠶᠢᠨ᠎ᠠ᠃     ᠣᠶᠢᠷ᠎ᠠ ᠶᠢᠨ 3 ᠰᠠᠷ᠎ᠠ ᠶᠢᠨ ᠲᠤᠷᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠭᠤ ᠰᠢᠬᠠᠮ ᠺᠠᠳ᠋ᠷ ᠠᠵᠢᠯᠲᠠᠨ ᠡᠳᠦᠷᠵᠢᠨ ᠰᠥᠨᠢᠵᠢᠨ ᠠᠵᠢᠯᠯᠠᠵᠤ᠂ ᠴᠠᠭ ᠴᠠᠭ ᠢ ᠵᠠᠯᠭᠠᠭ᠎ᠠ ᠵᠠᠯᠭᠠᠭ᠎ᠠ ᠪᠠᠷ ᠵᠠᠷᠤᠵᠤ ᠰᠡᠳᠬᠢᠯ ᠲᠠᠯᠪᠢᠵᠤ᠂ ᠰᠡᠳᠬᠢᠯᠭᠡ ᠪᠠᠷ ᠢᠶᠠᠨ ︽ᠬᠦᠴᠢᠷ ᠠᠰᠠᠭᠤᠳᠠᠯ︾᠎ ᠢ ᠰᠢᠢᠳᠪᠦᠷᠢᠯᠡᠵᠦ᠂ ᠨᠢᠭᠡᠨ ᠰᠠᠯᠠᠭ᠎ᠠ ︽ᠦᠷᠭᠦᠯᠵᠢᠯᠡᠨ ᠪᠠᠶᠢᠯᠳᠤᠵᠤ᠂ ᠶᠠᠳᠠᠷᠠᠯ ᠵᠦᠳᠡᠷᠡᠯ ᠠᠴᠠ ᠬᠠᠯᠠᠰᠢᠷᠠᠬᠤ ᠦᠭᠡᠢ᠂ ᠬᠡᠪ ᠴᠢᠨᠠᠷ ᠰᠠᠶᠢᠲᠠᠢ︾ ᠪᠣᠭᠤᠮᠲᠠ ᠰᠢᠪᠲᠤᠯᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠬᠤ ᠠᠵᠢᠯ ᠳᠤ ᠣᠴᠢ ᠶᠢᠨ ᠬᠦᠴᠦᠨ ᠢ ᠨᠠᠮᠡᠷᠢᠯᠡᠨ ᠪᠠᠲᠤ ᠨᠠᠶᠢᠳᠠᠪᠤᠷᠢᠲᠠᠢ ᠪᠠᠲᠤᠯᠠᠭ᠎ᠠ ᠬᠠᠩᠭᠠᠵᠤ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠲᠠᠲᠠᠪᠤᠷᠢᠯᠠᠨ ᠨᠤᠷᠠᠭᠠᠬᠤ ᠠᠵᠢᠯ ᠤᠨ ᠡᠷᠴᠢ ᠵᠣᠷᠢᠭ ᠪᠠᠳᠠᠷᠠᠩᠭᠤᠢ᠂ ᠬᠦᠷ ᠬᠥᠭᠵᠢᠶᠡᠨ ᠲᠠᠢ ᠤᠷᠤᠭᠰᠢᠯᠠᠨ ᠲᠠᠪᠰᠢᠬᠤ ᠪᠠᠶᠢᠳᠠᠯ ᠢ ᠪᠤᠢ ᠪᠣᠯᠭᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠨ ᠥᠭᠴᠦ᠂ ᠰᠢᠨ᠎ᠡ ᠣᠷᠣᠨ ᠵᠠᠢ ᠶᠢ ᠨᠡᠭᠡᠭᠡᠨ ᠥᠭᠴᠡᠢ᠃
   ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠬᠦ ᠣᠷᠣᠨ ᠢᠶᠠᠷ ᠢᠶᠠᠨ ᠬᠠᠷᠠᠯᠲᠠ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠶᠠᠭᠤ ᠬᠢᠬᠦ᠂ ᠶᠠᠭᠠᠬᠢᠵᠤ ᠬᠢᠬᠦ᠂ ᠬᠡᠨ ᠬᠢᠬᠦ᠂ ᠬᠡᠵᠢᠶ᠎ᠡ ᠬᠢᠬᠦ ︿ᠳᠥᠷᠪᠡᠨ ᠠᠵᠢᠯ﹀᠎ ᠤᠨ ᠠᠷᠭ᠎ᠠ ᠪᠠᠷ ᠡᠭᠦᠷᠭᠡ ᠶᠢ ᠤᠯᠠᠮ ᠨᠢᠭᠡ ᠠᠯᠬᠤᠮ ᠵᠠᠳᠠᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠬᠦᠴᠦᠨ ᠢᠶᠠᠨ ᠲᠥᠪᠯᠡᠷᠡᠭᠦᠯᠦᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠢᠷᠡᠬᠦ ᠵᠢᠯ ᠳᠤ 30 ᠡᠷᠦᠬᠡ ᠠᠴᠠ ᠳᠡᠭᠡᠭᠰᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠦᠨᠡᠨ ᠬᠦ ᠪᠠᠲᠤᠯᠠᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠷ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀᠎ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠳᠠᠰᠢ ᠤᠷᠤᠭᠰᠢᠯᠠᠭᠤᠯᠬᠤ ᠶᠢ ᠬᠦᠴᠦᠯᠡᠨ ᠠᠬᠢᠭᠤᠯᠤᠨ᠎ᠠ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ 210 ᠤᠯᠤᠰ ᠤᠨ ᠵᠠᠮ ᠠᠴᠠ ᠵᠡᠭᠦᠨᠰᠢᠬᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠤᠳᠤᠷᠢᠳᠬᠤ ᠳᠤᠭᠤᠶᠢᠯᠠᠩ ᠤᠨ ᠳᠠᠷᠤᠭ᠎ᠠ ᠦ᠋ ᠵᠢᠶᠦ᠋ᠨ ᠵᠢᠶᠦ᠋ᠨ ᠢᠯᠡᠳᠬᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号