ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/31
   1 ᠰᠠᠷ᠎ᠠ ᠶᠢᠨ 26᠎ ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠ ᠭᠠᠯ ᠤᠨᠲᠠᠷᠠᠭᠠᠬᠤ ᠶᠡᠭᠡ ᠠᠩᠭᠢ ᠪᠠᠷ ᠪᠦᠷᠢᠯᠳᠦᠭᠰᠡᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠬᠠᠷᠢᠶᠠᠲᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠦᠬᠦᠨ ᠢ ᠬᠠᠮᠤᠷᠤᠭᠰᠠᠨ ᠠᠮᠤᠷ ᠲᠦᠪᠰᠢᠨ ᠤ ᠳᠠᠯᠳᠠ ᠬᠡᠮ ᠤᠨ ᠶᠡᠭᠡ ᠪᠠᠶᠢᠴᠠᠭᠠᠯᠲᠠ ᠬᠢᠪᠡ᠃    12 ᠪᠠᠶᠢᠴᠠᠭᠠᠯᠳᠠ ᠶᠢᠨ ᠬᠦᠮᠦᠰ ᠨᠢ ᠭᠤᠷᠪᠠᠨ ᠪᠠᠶᠢᠴᠠᠭᠠᠬᠤ ᠳᠤᠭᠤᠶᠢᠯᠠᠩ ᠳᠤ ᠬᠤᠪᠢᠶᠠᠭᠳᠠᠨ 31 ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠠᠶᠢᠴᠠᠭᠠᠯᠲᠠ ᠬᠢᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠮᠥᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠪᠠᠶᠢᠭᠤᠯᠤᠯᠲᠠ᠂ ᠭᠠᠯ ᠤᠨ ᠠᠶᠤᠯ ᠤᠨ ᠠᠶᠤᠯ ᠤᠨ ᠡᠬᠢ ᠰᠤᠷᠪᠤᠯᠵᠢ ᠶᠢᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠷᠬᠠᠭᠠᠨ ᠶᠠᠪᠤᠭᠤᠯᠬᠤ ᠵᠠᠮ ᠰᠠᠭᠠᠳ ᠦᠭᠡᠢ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠨᠢ ᠲᠣᠭᠲᠠᠭᠠᠯ ᠳᠤ ᠨᠡᠶᠢᠴᠡᠬᠦ ᠡᠰᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠨᠢ ᠪᠦᠷᠢᠨ ᠭᠦᠢᠴᠡᠳ ᠪᠠᠶᠢᠬᠤ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠪᠡ᠃    ᠪᠠᠶᠢᠴᠠᠭᠠᠯᠲᠠ ᠶᠢᠨ ᠳᠤᠮᠳᠠ ᠭᠠᠯ ᠤᠨᠲᠠᠷᠠᠭᠠᠬᠤ ᠠᠵᠢᠯᠲᠠᠳ ᠭᠠᠯ ᠤᠨᠲᠠᠷᠠᠭᠠᠭᠤᠷ ᠢ ᠬᠡᠷᠡᠭᠯᠡᠬᠦ᠂ ᠪᠠᠴᠢᠮ ᠪᠠᠶᠢᠳᠠᠯ ᠭᠠᠷᠪᠠᠯ ᠬᠡᠷᠬᠢᠨ ᠠᠷᠭᠠᠴᠠᠬᠤ ᠵᠡᠷᠭᠡ ᠮᠡᠳᠡᠯᠭᠡ ᠶᠢᠨ ᠲᠠᠯ᠎ᠠ ᠪᠠᠷ ᠲᠠᠶᠢᠯᠤᠮᠵᠢ ᠬᠢᠵᠡᠢ᠃ ᠲᠣᠰ ᠤᠳᠠᠭᠠᠨ ᠤ ᠪᠠᠶᠢᠴᠠᠭᠠᠯᠲᠠ ᠳᠤ ᠵᠥᠪᠬᠡᠨ ᠠᠮᠤᠷ ᠲᠦᠪᠰᠢᠨ ᠤ ᠬᠡᠮ ᠰᠣᠭᠤᠭ ᠢ ᠵᠢᠭᠠᠵᠤ ᠭᠠᠷᠭᠠᠭᠰᠠᠨ ᠢᠶᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠭᠠᠯ ᠤᠨᠲᠠᠷᠠᠭᠠᠬᠤ ᠮᠡᠳᠡᠯᠭᠡ ᠶᠢᠨ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠬᠤᠷᠠᠯ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠬᠤ ᠶᠢ ᠪᠠᠶᠢᠭᠤᠯᠤᠮᠵᠢ ᠳᠤ ᠱᠠᠭᠠᠷᠳᠠᠵᠤ᠂ ᠠᠵᠢᠯᠲᠠᠨ ᠨᠢᠭᠡᠪᠦᠷᠢ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠲᠠᠢ ᠪᠠᠶᠢᠬᠤ ᠪᠠᠷ ᠪᠠᠷᠠᠬᠤ ᠦᠭᠡᠢ ᠨᠠᠩ ᠴᠤ ᠪᠠᠴᠢᠮ ᠪᠠᠶᠢᠳᠠᠯ ᠢ ᠰᠢᠢᠳᠪᠦᠷᠢᠯᠡᠬᠦ ᠮᠡᠷᠭᠡᠵᠢᠯ ᠴᠢᠳᠠᠪᠤᠷᠢ ᠪᠠ ᠠᠷᠭ᠎ᠠ ᠬᠡᠮᠵᠢᠶ᠎ᠡ ᠲᠠᠢ ᠱᠠᠭᠠᠷᠳᠠᠪᠠ᠃    ᠲᠣᠰ ᠤᠳᠠᠭᠠᠨ ᠤ ᠪᠠᠶᠢᠴᠠᠭᠠᠯᠲᠠ ᠳᠤ 31 ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ 21 ᠬᠤᠪᠢ ᠰᠤᠷᠭᠠᠨ ᠬᠥᠮᠥᠵᠢᠭᠦᠯᠵᠦ ᠬᠢᠨᠠᠯᠲᠠ ᠲᠠᠯᠪᠢᠬᠤ ᠰᠠᠨᠠᠯ ᠤᠨ ᠪᠢᠴᠢᠭ ᠪᠠᠭᠤᠯᠭᠠᠪᠠ᠃ ᠦᠨᠡᠮᠯᠡᠯ ᠦᠭᠡᠢ ᠪᠠᠷ ᠡᠵᠡᠩᠨᠡᠬᠦ 2 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠭᠦᠳᠡ ᠶᠢ ᠨᠢ ᠬᠠᠭᠠᠯᠭᠠᠵᠤ ᠵᠣᠭᠰᠣᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠠᠰᠠᠭᠤᠳᠠᠯ᠂ ᠲᠡᠷᠡ ᠳᠠᠷᠤᠢ ᠳᠤᠨᠢ ᠬᠡᠷᠡᠭᠵᠢᠭᠦᠯᠵᠦ ᠠᠰᠠᠭᠤᠳᠠᠯ ᠢ ᠲᠤᠬᠠᠢ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠰᠠᠶᠢᠵᠢᠷᠠᠭᠤᠯᠵᠤ ᠳᠡᠶᠢᠯᠬᠦ ᠦᠭᠡᠢ ᠠᠰᠠᠭᠤᠳᠠᠯ ᠢ ᠪᠠᠶᠢᠴᠠᠭᠠᠬᠤ ᠳᠤᠭᠤᠶᠢᠯᠠᠩ ᠠᠴᠠ ᠪᠣᠳᠠᠲᠠᠢ ᠱᠠᠭᠠᠷᠳᠠᠯᠭ᠎ᠠ ᠳᠤᠷᠠᠳᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠮᠧᠷ ᠢ ᠨᠢ ᠬᠠᠰᠤᠬᠤ ᠶᠢ ᠱᠠᠯᠠᠪᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠳᠣᠯᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号