ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/31
   ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠣᠷᠣᠭᠰᠢᠯᠠᠨ ᠪᠦᠯᠬᠦᠮᠳᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠰᠢᠨ᠎ᠡ ᠠᠶᠠᠨ ᠵᠠᠮ ᠳᠤ ᠨᠡᠩ ᠭᠤᠶᠢᠳᠠ ᠰᠢᠨ᠎ᠡ ᠬᠠᠭᠤᠳᠠᠰᠤ ᠶᠢ ᠪᠢᠴᠢᠭᠯᠡᠰᠦᠭᠡᠢ᠃    1 ᠰᠠᠷ᠎ᠠ ᠶᠢᠨ 26᠎ ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠠᠵᠢᠯ ᠤᠨ ᠬᠤᠷᠠᠯ ᠪᠢᠨ ᠾᠧ ᠲᠣᠮᠣ ᠠᠰᠠᠷ ᠲᠤ ᠬᠤᠷᠠᠯᠳᠤᠪᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠭᠤᠤ ᠶᠦᠩ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ 2024 ᠣᠨ ᠤ ᠠᠵᠢᠯ ᠤᠨ ᠮᠡᠳᠡᠭᠦᠯᠦᠯᠲᠡ ᠬᠢᠪᠡ᠃ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ ᠳ᠋ᠦᠩ ᠸᠧᠨ ᠴᠢᠩ ᠬᠤᠷᠠᠯ ᠡᠷᠭᠢᠯᠡᠪᠡ᠃    ᠦ᠋ ᠵᠢᠶᠦ᠋ᠨ ᠵᠢᠶᠦ᠋ᠨ᠄ 2023 ᠣᠨ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠎ ᠢ ᠰᠠᠶᠢᠲᠤᠷ ᠪᠡᠶᠡᠯᠡᠭᠦᠯᠬᠦ ᠪᠠ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠴᠢᠬᠤᠯᠠ ᠵᠢᠭᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠬᠦ ᠡᠷᠴᠢ ᠵᠣᠷᠢᠭ ᠪᠠ ᠡᠷᠴᠢ ᠵᠣᠷᠢᠭ ᠢᠶᠠᠨ ᠬᠥᠪᠴᠢᠯᠡᠵᠦ᠂ ︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠣᠶᠢᠯᠠᠭᠠᠯᠲᠠ ᠲᠠᠢ ᠰᠡᠳᠬᠢᠬᠦᠢ︾᠎ ᠶᠢ ᠴᠢᠩᠭᠠᠷᠠᠭᠤᠯᠤᠨ᠂ ᠪᠥᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠮᠠᠰᠢ ᠣᠯᠠᠨ ᠠᠵᠢᠯ ᠢ ᠴᠥᠮ ᠰᠦᠷ ᠬᠦᠴᠦᠨ ᠲᠠᠢ ᠬᠢᠵᠦ᠂ ᠢᠲᠡᠭᠡᠯ ᠵᠣᠷᠢᠭ ᠲᠠᠢ ᠬᠢᠵᠦ᠂ ᠡᠯ᠎ᠡ ᠲᠠᠯ᠎ᠠ ᠳᠤ ᠴᠥᠮ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ᠂ ᠬᠥᠮᠥᠰ ᠢ ᠵᠣᠷᠢᠭᠵᠢᠭᠤᠯᠤᠮ᠎ᠠ ᠬᠤᠪᠢᠷᠠᠯᠲᠠ ᠭᠠᠷᠴᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠠᠩᠬᠠᠨ ᠤ ᠵᠢᠯ ᠤᠨ ᠠᠩᠬᠠᠨ ᠤ ᠪᠠᠶᠢᠯᠳᠤᠭᠠᠨ ᠤ ᠢᠯᠠᠯᠲᠠ ᠶᠢ ᠣᠯᠪᠠ᠃     ᠦ᠋ ᠵᠢᠶᠦ᠋ᠨ ᠵᠢᠶᠦ᠋ᠨ ᠴᠢᠬᠤᠯᠠᠴᠢᠯᠠᠬᠤ ᠳᠠᠭᠠᠨ᠂ 2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠪᠢᠳᠡᠨ ᠤ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠡᠷᠲᠡᠬᠡᠨ ᠬᠦᠷᠬᠦ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠂ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠴᠡᠭ ᠮᠥᠨ᠂ ᠪᠠᠰᠠ ᠴᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠤᠷᠤᠭᠰᠢᠯᠠᠯᠲᠠ ᠶᠢᠨ ᠪᠠᠶᠢᠷᠢᠰᠢᠯ ᠮᠥᠨ᠃ ᠪᠦᠬᠦ ᠣᠷᠣᠨ ᠢᠶᠠᠷ ᠢᠶᠠᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠣᠳᠠᠲᠠᠢ ᠠᠳᠬᠤᠨ ᠠᠵᠢᠯ ᠪᠦᠬᠦᠨ ᠢᠶᠠᠨ  ᠪᠡᠶᠡᠯᠡᠭᠦᠯᠦᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠎ ᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠬᠡᠷᠡᠭᠲᠡᠢ ᠭᠡᠪᠠ᠃      ᠭᠤᠤ ᠶᠦᠩ ᠢᠯᠡᠳᠬᠡᠯ ᠳᠡᠭᠡᠨ᠂ 2023 ᠣᠨ ᠳᠤ᠂ ᠪᠦᠬᠦ ᠣᠷᠣᠨ ᠢᠶᠠᠷ ᠢᠶᠠᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠎ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ︽1+7︾ ᠎ ᠤ ᠠᠵᠢᠯ ᠤᠨ ᠲᠥᠰᠥᠯ ᠢ ᠲᠣᠭᠲᠠᠭᠠᠵᠤ᠂ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠵᠢᠯ ᠰᠢᠯᠢᠳᠡᠭ ᠠᠮᠵᠢᠯᠲᠠ ᠣᠯᠵᠠᠢ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ᠰᠢᠨ᠎ᠡ ᠪᠠᠷ ᠨᠡᠮᠡᠭᠳᠡᠭᠰᠡᠨ ︽ᠳᠥᠷᠪᠡ ᠶᠢ ᠳᠡᠭᠡᠭᠰᠢᠯᠡᠭᠦᠯᠬᠦ︾ᠠᠵᠤ ᠠᠬᠤᠶᠢᠯᠠᠯ ᠤᠨ ᠲᠤᠭ᠎ᠠ ᠪᠦᠬᠦ ᠬᠤᠳᠠ ᠳᠤ ᠬᠠᠮᠤᠭ ᠤᠨ ᠤᠯᠠᠨ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠠᠵᠠᠷ ᠰᠢᠷᠣᠢ ᠶᠢᠨ ᠠᠰᠠᠭᠤᠳᠠᠯ ᠨᠠᠮᠳᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠬᠤ ᠠᠵᠢᠯ ᠲᠦᠷᠭᠡᠨ ᠵᠠᠮ ᠳᠤ ᠣᠷᠣᠪᠠ᠃     ᠨᠢᠭᠡ ᠵᠢᠯ ᠤᠨ ᠲᠤᠷᠰᠢ᠂ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠪᠠ︔ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠦᠨᠡᠨ ᠬᠦ ᠴᠢᠩᠭᠠᠳᠬᠠᠪᠠ︔ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠨᠥᠬᠦᠴᠡᠯ ᠢ ᠢᠳᠡᠪᠬᠢᠲᠡᠢ ᠪᠠᠷ ᠡᠭᠦᠳᠬᠦ ᠬᠡᠷᠡᠭᠲᠡᠢ︔ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠪᠣᠳᠠᠲᠤ ︽ᠭᠤᠷᠪᠠ ᠶᠢ ᠲᠡᠮᠡᠴᠡᠨ ᠣᠯᠬᠤ︾ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ︔ ᠡᠯ᠎ᠡ ᠵᠦᠢᠯ ᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃      ᠡᠨᠡ ᠵᠢᠯ ᠤᠨ ᠬᠠᠮᠢᠶᠠᠷᠤᠯᠲᠠ ᠶᠢᠨ ᠺᠣᠮᠢᠰ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠭᠡᠪᠡᠯ᠄ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠣᠭᠤᠰᠢᠯᠠᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠶᠢᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ  ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠳᠠᠪᠰᠢᠨ ᠣᠷᠣᠬᠤ ᠡᠨᠡ ᠬᠦ ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ᠂ ︽ᠬᠤᠶᠠᠷ ᠰᠢᠨ᠎ᠡ᠂ ᠭᠤᠷᠪᠠ ᠶᠢ ᠲᠡᠮᠡᠴᠡᠨ ᠣᠯᠬᠤ︾᠎ ᠪᠠᠷ ᠤᠳᠤᠷᠢᠳᠤᠮᠵᠢ ᠪᠣᠯᠭᠠᠵᠤ᠂ ︽ᠳᠡᠭᠡᠳᠦ︾ ᠪᠠ ︽ᠰᠢᠨ᠎ᠡ︾ ᠬᠤᠶᠠᠷ ᠠᠵᠢᠯ ᠢ ᠰᠠᠶᠢᠲᠤᠷ ᠬᠢᠵᠡᠭᠡᠨ ᠪᠥᠬᠦ ᠤᠯᠤᠰ ᠤᠨ ᠲᠡᠷᠢᠭᠦᠨ ᠤ᠂ ᠬᠤᠪᠣᠷ ᠰᠢᠷᠣᠢ ᠪᠠᠷ ᠤᠳᠤᠷᠢᠳᠤᠮᠵᠢ ᠪᠣᠯᠭᠠᠭᠰᠠᠨ ᠳᠠᠪᠠᠭᠤᠯᠢᠭ ᠠᠵᠤ ᠦᠢᠯᠡᠰ ᠤᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠴᠢᠷᠮᠠᠶᠢᠨ ᠪᠠᠶᠢᠭᠤᠯᠤᠨ᠎ᠠ᠃     ᠡᠨᠡ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠭᠡᠪᠡᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 10%᠎ ᠠᠴᠠ ᠳᠡᠭᠡᠭᠰᠢ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 25%᠎ ᠠᠴᠠ ᠳᠡᠭᠡᠭᠰᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠎ ᠠᠴᠠ ᠳᠡᠭᠡᠭᠰᠢ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠎ ᠠᠴᠠ ᠳᠡᠭᠡᠭᠰᠢ᠂ ᠤᠯᠠᠨ ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ ᠶᠢ 9%᠎ ᠠᠴᠠ ᠳᠡᠭᠡᠭᠰᠢ ᠨᠡᠮᠡᠭᠳᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠬᠥᠭᠵᠢᠯᠲᠡ ᠲᠠᠢ ᠠᠳᠠᠯᠢ ᠠᠯᠬᠤᠮ ᠲᠠᠢ ᠪᠠᠶᠢᠯᠭᠠᠨ᠎ᠠ᠃     ᠣᠷᠣᠨ ᠤ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠣᠷᠣᠨ ᠤ ᠬᠠᠷᠢᠶ᠎ᠠ ᠪᠠᠶᠢᠭᠤᠯᠤᠯᠭ᠎ᠠ ᠨᠢᠭᠡᠴᠡ᠂ ᠵᠡᠭᠡᠯᠢ ᠪᠠᠯᠭᠠᠰᠤ ᠶᠢᠨ ᠳᠡᠳ᠋ ᠰᠠᠯᠠᠭ᠎ᠠ ᠶᠢᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠣᠷᠣᠨ ᠤ ᠬᠠᠷᠢᠶ᠎ᠠ ᠡᠯ᠎ᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号