ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠣᠷᠣᠭᠰᠢᠯᠠᠨ ᠪᠦᠯᠬᠦᠮᠳᠡᠨ | ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠰᠢᠨ᠎ᠡ ᠠᠶᠠᠨ ᠵᠠᠮ ᠳᠤ ᠨᠡᠩ ᠭᠤᠶᠢᠳᠠ ᠰᠢᠨ᠎ᠡ | ᠬᠠᠭᠤᠳᠠᠰᠤ ᠶᠢ ᠪᠢᠴᠢᠭᠯᠡᠰᠦᠭᠡᠢ᠃ | 1 ᠰᠠᠷ᠎ᠠ ᠶᠢᠨ 26 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 | ᠣᠨ ᠤ ᠠᠵᠢᠯ ᠤᠨ ᠬᠤᠷᠠᠯ ᠪᠢᠨ ᠾᠧ ᠲᠣᠮᠣ ᠠᠰᠠᠷ ᠲᠤ ᠬᠤᠷᠠᠯᠳᠤᠪᠠ᠃ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠬᠤᠷᠠᠯ ᠳᠡᠭᠡᠷ᠎ᠡ | ᠶᠠᠷᠢᠶ᠎ᠠ ᠲᠠᠯᠪᠢᠵᠠᠢ᠃ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠭᠤᠤ ᠶᠦᠩ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠠᠮᠢᠶᠠᠷᠤᠯᠲᠠ ᠶᠢᠨ ᠵᠥᠪᠯᠡᠯ ᠤᠨ 2024 ᠣᠨ ᠤ ᠠᠵᠢᠯ ᠤᠨ ᠮᠡᠳᠡᠭᠦᠯᠦᠯᠲᠡ ᠬᠢᠪᠡ᠃ ᠨᠠᠮ ᠤᠨ ᠠᠵᠢᠯ ᠤᠨ | ᠬᠤᠷᠢᠶᠠᠨ ᠤ ᠳᠡᠳ᠋ ᠱᠦᠵᠢ ᠳ᠋ᠦᠩ ᠸᠧᠨ ᠴᠢᠩ ᠬᠤᠷᠠᠯ ᠡᠷᠭᠢᠯᠡᠪᠡ᠃ | ᠦ᠋ ᠵᠢᠶᠦ᠋ᠨ ᠵᠢᠶᠦ᠋ᠨ᠄ 2023 ᠣᠨ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ | ᠪᠠ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠴᠢᠬᠤᠯᠠ ᠵᠢᠭᠠᠪᠤᠷᠢ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠡᠦᠬᠡ ᠶᠢᠨ ᠬᠠᠮᠤᠭ ᠤᠨ ᠥᠨᠳᠥᠷ | ᠲᠦᠪᠰᠢᠨ ᠳᠤ ᠬᠦᠷᠬᠦ ᠡᠷᠴᠢ ᠵᠣᠷᠢᠭ ᠪᠠ ᠡᠷᠴᠢ ᠵᠣᠷᠢᠭ ᠢᠶᠠᠨ ᠬᠥᠪᠴᠢᠯᠡᠵᠦ᠂ ︽ᠬᠤᠶᠠᠷ ᠰᠢᠨ᠎ᠡ︾ ᠶᠢᠨ | ᠤᠳᠤᠷᠢᠳᠤᠮᠵᠢ ᠶᠢ ᠪᠠᠷᠢᠮᠲᠠᠯᠠᠵᠤ᠂ ︽ᠣᠶᠢᠯᠠᠭᠠᠯᠲᠠ ᠲᠠᠢ ᠰᠡᠳᠬᠢᠬᠦᠢ︾ ᠶᠢ ᠴᠢᠩᠭᠠᠷᠠᠭᠤᠯᠤᠨ᠂ ᠪᠥᠬᠦ | ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠦᠲᠦᠭᠡᠨ | ᠪᠠᠶᠢᠭᠤᠯᠤᠯᠲᠠ ᠬᠢᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ | ᠮᠠᠰᠢ ᠣᠯᠠᠨ ᠠᠵᠢᠯ ᠢ ᠴᠥᠮ ᠰᠦᠷ ᠬᠦᠴᠦᠨ ᠲᠠᠢ ᠬᠢᠵᠦ᠂ ᠢᠲᠡᠭᠡᠯ ᠵᠣᠷᠢᠭ ᠲᠠᠢ ᠬᠢᠵᠦ᠂ ᠡᠯ᠎ᠡ ᠲᠠᠯ᠎ᠠ ᠳᠤ ᠴᠥᠮ | ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ᠂ ᠬᠥᠮᠥᠰ ᠢ ᠵᠣᠷᠢᠭᠵᠢᠭᠤᠯᠤᠮ᠎ᠠ ᠬᠤᠪᠢᠷᠠᠯᠲᠠ ᠭᠠᠷᠴᠤ᠂ ︽ᠬᠤᠶᠠᠷ | ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠠᠩᠬᠠᠨ ᠤ ᠵᠢᠯ ᠤᠨ ᠠᠩᠬᠠᠨ ᠤ | ᠪᠠᠶᠢᠯᠳᠤᠭᠠᠨ ᠤ ᠢᠯᠠᠯᠲᠠ ᠶᠢ ᠣᠯᠪᠠ᠃ | ᠦ᠋ ᠵᠢᠶᠦ᠋ᠨ ᠵᠢᠶᠦ᠋ᠨ ᠴᠢᠬᠤᠯᠠᠴᠢᠯᠠᠬᠤ ᠳᠠᠭᠠᠨ᠂ 2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠪᠢᠳᠡᠨ ᠤ ︽ᠬᠤᠪᠣᠷ | ᠰᠢᠷᠣᠢ ᠶᠢᠨ ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ᠂ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ 50 ᠬᠦᠴᠦᠷᠬᠡᠭ ᠲᠤ ᠡᠷᠲᠡᠬᠡᠨ ᠬᠦᠷᠬᠦ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠂ ︽ | ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠴᠡᠭ ᠮᠥᠨ᠂ ᠪᠠᠰᠠ ᠴᠤ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠤᠷᠤᠭᠰᠢᠯᠠᠯᠲᠠ ᠶᠢᠨ ᠪᠠᠶᠢᠷᠢᠰᠢᠯ ᠮᠥᠨ᠃ ᠪᠦᠬᠦ | ᠣᠷᠣᠨ ᠢᠶᠠᠷ ᠢᠶᠠᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠵᠦ᠂ ᠪᠣᠳᠠᠲᠠᠢ ᠠᠳᠬᠤᠨ ᠠᠵᠢᠯ ᠪᠦᠬᠦᠨ ᠢᠶᠠᠨ ᠪᠡᠶᠡᠯᠡᠭᠦᠯᠦᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ᠪᠤᠰᠢᠭᠤ ᠱᠠᠯᠠᠮᠠᠭᠠᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ | ᠭᠤᠷᠪᠠᠨ ᠵᠢᠯ ᠤᠨ ᠠᠵᠢᠯᠯᠠᠭᠠᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠰᠢᠯᠢᠳᠡᠭ | ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠬᠡᠷᠡᠭᠲᠡᠢ | ᠭᠡᠪᠠ᠃ | ᠭᠤᠤ ᠶᠦᠩ ᠢᠯᠡᠳᠬᠡᠯ ᠳᠡᠭᠡᠨ᠂ 2023 ᠣᠨ ᠳᠤ᠂ ᠪᠦᠬᠦ ᠣᠷᠣᠨ ᠢᠶᠠᠷ ᠢᠶᠠᠨ ︽ᠬᠤᠶᠠᠷ ᠬᠤᠪᠣᠷ | ᠰᠢᠷᠣᠢ ᠶᠢᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠨᠢᠭᠡᠳᠦᠯᠲᠡᠢ ᠵᠢᠯᠣᠭᠤᠳᠤᠯᠭ᠎ᠠ | ᠪᠣᠯᠭᠠᠵᠤ᠂ ︽1+7︾ ᠤ ᠠᠵᠢᠯ ᠤᠨ ᠲᠥᠰᠥᠯ ᠢ ᠲᠣᠭᠲᠠᠭᠠᠵᠤ᠂ ᠭᠤᠣᠯ ᠠᠵᠢᠯ ᠳᠠᠭᠠᠨ ᠠᠩᠬᠠᠷᠤᠯ ᠢᠶᠠᠨ | ᠲᠥᠪᠯᠡᠷᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠵᠢᠯ ᠰᠢᠯᠢᠳᠡᠭ ᠠᠮᠵᠢᠯᠲᠠ | ᠣᠯᠵᠠᠢ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ | ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ᠰᠢᠨ᠎ᠡ ᠪᠠᠷ ᠨᠡᠮᠡᠭᠳᠡᠭᠰᠡᠨ ︽ᠳᠥᠷᠪᠡ ᠶᠢ ᠳᠡᠭᠡᠭᠰᠢᠯᠡᠭᠦᠯᠬᠦ︾ᠠᠵᠤ | ᠠᠬᠤᠶᠢᠯᠠᠯ ᠤᠨ ᠲᠤᠭ᠎ᠠ ᠪᠦᠬᠦ ᠬᠤᠳᠠ ᠳᠤ ᠬᠠᠮᠤᠭ ᠤᠨ ᠤᠯᠠᠨ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠠᠵᠠᠷ | ᠰᠢᠷᠣᠢ ᠶᠢᠨ ᠠᠰᠠᠭᠤᠳᠠᠯ ᠨᠠᠮᠳᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ | ᠤᠷᠢᠬᠤ ᠠᠵᠢᠯ ᠲᠦᠷᠭᠡᠨ ᠵᠠᠮ ᠳᠤ ᠣᠷᠣᠪᠠ᠃ | ᠨᠢᠭᠡ ᠵᠢᠯ ᠤᠨ ᠲᠤᠷᠰᠢ᠂ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ ᠠᠵᠤ ᠠᠬᠤᠶᠢᠯᠠᠯ ᠳᠤ ᠠᠰᠢᠭ | ᠬᠦᠷᠲᠡᠭᠡᠵᠦ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠪᠠ︔ | ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠦᠨᠡᠨ ᠬᠦ ᠴᠢᠩᠭᠠᠳᠬᠠᠪᠠ︔ ᠲᠥᠷᠥᠯ | ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠨᠥᠬᠦᠴᠡᠯ ᠢ ᠢᠳᠡᠪᠬᠢᠲᠡᠢ ᠪᠠᠷ ᠡᠭᠦᠳᠬᠦ ᠬᠡᠷᠡᠭᠲᠡᠢ︔ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠤᠯᠠᠨ ᠲᠦᠮᠡᠨ ᠤ ᠬᠦᠰᠡᠯ | ᠡᠷᠡᠮᠡᠯᠵᠡᠯ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠪᠣᠳᠠᠲᠤ ︽ᠭᠤᠷᠪᠠ ᠶᠢ ᠲᠡᠮᠡᠴᠡᠨ ᠣᠯᠬᠤ︾ ᠡᠷᠴᠢᠮ ᠢ | ᠤᠯᠠᠮ ᠨᠢᠭᠡ ᠠᠯᠬᠤᠮ ᠴᠢᠩᠭᠠᠷᠠᠭᠤᠯᠪᠠ︔ ᠡᠯ᠎ᠡ ᠵᠦᠢᠯ ᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠠᠰᠠᠭᠤᠳᠠᠯ ᠢ ᠲᠣᠬᠢᠲᠠᠢ | ᠰᠢᠢᠳᠪᠦᠷᠢᠯᠡᠪᠡ᠃ | ᠡᠨᠡ ᠵᠢᠯ ᠤᠨ ᠬᠠᠮᠢᠶᠠᠷᠤᠯᠲᠠ ᠶᠢᠨ ᠺᠣᠮᠢᠰ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠭᠡᠪᠡᠯ᠄ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠶᠢᠨ | ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ | ᠪᠠᠶᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ ᠤᠯᠤᠰ ᠤᠨ ᠲᠠᠰ ᠤᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠳᠠᠪᠰᠢᠨ ᠣᠷᠣᠬᠤ ᠡᠨᠡ ᠬᠦ ᠲᠡᠮᠡᠴᠡᠯ ᠤᠨ | ᠬᠠᠷᠠᠯᠲᠠ ᠶᠢᠨ ᠲᠣᠭᠤᠷᠢᠨ ᠳᠤ᠂ ︽ᠬᠤᠶᠠᠷ ᠰᠢᠨ᠎ᠡ᠂ ᠭᠤᠷᠪᠠ ᠶᠢ ᠲᠡᠮᠡᠴᠡᠨ ᠣᠯᠬᠤ︾ ᠪᠠᠷ ᠤᠳᠤᠷᠢᠳᠤᠮᠵᠢ | ᠪᠣᠯᠭᠠᠵᠤ᠂ ︽ᠳᠡᠭᠡᠳᠦ︾ ᠪᠠ ︽ᠰᠢᠨ᠎ᠡ︾ ᠬᠤᠶᠠᠷ ᠠᠵᠢᠯ ᠢ ᠰᠠᠶᠢᠲᠤᠷ ᠬᠢᠵᠡᠭᠡᠨ ᠪᠥᠬᠦ ᠤᠯᠤᠰ ᠤᠨ ᠲᠡᠷᠢᠭᠦᠨ ᠤ᠂ | ᠬᠤᠪᠣᠷ ᠰᠢᠷᠣᠢ ᠪᠠᠷ ᠤᠳᠤᠷᠢᠳᠤᠮᠵᠢ ᠪᠣᠯᠭᠠᠭᠰᠠᠨ ᠳᠠᠪᠠᠭᠤᠯᠢᠭ ᠠᠵᠤ ᠦᠢᠯᠡᠰ ᠤᠨ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ | ᠡᠨᠡ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠭᠡᠪᠡᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 10% ᠠᠴᠠ ᠳᠡᠭᠡᠭᠰᠢ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠢ 25% ᠠᠴᠠ ᠳᠡᠭᠡᠭᠰᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% | ᠠᠴᠠ ᠳᠡᠭᠡᠭᠰᠢ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% | ᠠᠴᠠ ᠳᠡᠭᠡᠭᠰᠢ᠂ ᠤᠯᠠᠨ ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ ᠶᠢ 9% ᠠᠴᠠ ᠳᠡᠭᠡᠭᠰᠢ ᠨᠡᠮᠡᠭᠳᠡᠭᠦᠯᠵᠦ᠂ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠬᠥᠭᠵᠢᠯᠲᠡ ᠲᠠᠢ ᠠᠳᠠᠯᠢ | ᠠᠯᠬᠤᠮ ᠲᠠᠢ ᠪᠠᠶᠢᠯᠭᠠᠨ᠎ᠠ᠃ | ᠣᠷᠣᠨ ᠤ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ | ᠪᠦᠷᠢᠯᠳᠦᠭᠦᠨ᠂ ᠣᠷᠣᠨ ᠤ ᠬᠠᠷᠢᠶ᠎ᠠ ᠪᠠᠶᠢᠭᠤᠯᠤᠯᠭ᠎ᠠ ᠨᠢᠭᠡᠴᠡ᠂ ᠵᠡᠭᠡᠯᠢ ᠪᠠᠯᠭᠠᠰᠤ ᠶᠢᠨ ᠳᠡᠳ᠋ ᠰᠠᠯᠠᠭ᠎ᠠ ᠶᠢᠨ | ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠣᠷᠣᠨ ᠤ ᠬᠠᠷᠢᠶ᠎ᠠ ᠡᠯ᠎ᠡ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | |