ᠵᠢᠩ ᠮᠢᠨ ᠵᠠᠮ᠂ ᠪᠦᠦ ᠢ ᠵᠠᠰᠠᠮᠠᠯ ᠵᠠᠮ ᠢ ᠰᠡᠯᠪᠢᠨ ᠵᠠᠰᠠᠬᠤ ᠠᠵᠢᠯ ᠤᠷᠤᠭᠰᠢᠲᠠᠶ ᠪᠡᠶᠡᠯᠡᠭᠳᠡᠪᠡ
ᠨᠡᠶᠢᠲᠡᠯᠡᠭᠰᠡᠨ ᠴᠠᠭ᠄
2024/10/12
    9 ᠳ᠋ᠦ᠋ᠭᠡᠷ ᠰᠠᠷ᠎ᠠ ᠳᠤ ᠪᠣᠷᠣᠭᠠᠨ ᠤ ᠤᠰᠤ ᠨᠡᠯᠢᠶᠡᠳ ᠠᠷᠪᠢᠨ᠂ ᠪᠣᠷᠣᠭᠠᠨ ᠤ ᠬᠡᠮᠵᠢᠶ᠎ᠡ ᠨᠡᠯᠢᠶᠡᠳ ᠶᠡᠭᠡ ᠪᠣᠯᠬᠤᠷ ᠵᠢᠩ ᠮᠢᠨ ᠵᠠᠮ ᠤᠨ ᠣᠷᠳᠣ ᠨᠢ 2 ᠺᠢᠯᠤᠮᠧᠲ᠋ᠧᠷ ᠤᠨ ᠵᠠᠮ ᠵᠢᠴᠢ ᠪᠦᠦ ᠢ ᠵᠠᠰᠠᠮᠠᠯ ᠵᠠᠮ ᠤᠨ ᠡᠮᠦᠨ᠎ᠡ ᠬᠤᠲᠠ ᠶᠢ ᠲᠣᠭᠤᠷᠢᠭᠰᠠᠨ ᠤᠯᠠᠭᠠᠨ ᠨᠣᠭᠤᠭᠠᠨ ᠳ᠋ᠧᠩ ᠠᠴᠠ 004 ᠰᠢᠶᠠᠩ ᠤᠨ ᠵᠠᠮ ᠪᠠᠷᠤᠭ 2.4 ᠺᠢᠯᠤᠮᠧᠲ᠋ᠧᠷ ᠤᠨ ᠵᠠᠮ ᠤᠨ ᠬᠡᠰᠡᠭ ᠲᠤ ᠬᠦᠨᠳᠦ ᠨᠣᠴᠢᠲᠠᠶ ᠡᠪᠳᠡᠭᠳᠡᠭᠰᠡᠨ ᠪᠠ ᠤᠰᠤ ᠬᠤᠷᠠᠬᠤ ᠦᠵᠡᠭᠳᠡᠯ ᠭᠠᠷᠴᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠵᠢᠴᠢ ᠶᠠᠪᠠᠭᠠᠨ ᠬᠥᠮᠦᠨ ᠤ ᠵᠠᠮ ᠨᠡᠪᠲᠡᠷᠡᠯᠭᠡ ᠶᠢᠨ ᠠᠮᠤᠷ ᠲᠦᠪᠰᠢᠨ ᠳᠤ ᠨᠥᠯᠥᠭᠡ ᠦᠵᠡᠭᠦᠯᠦᠭᠰᠡᠨ ᠪᠠᠶᠢᠨ᠎ᠠ᠃ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂  ᠤᠯᠠᠨ ᠪᠤᠯᠠᠭ ᠪᠠᠯᠭᠠᠰᠤ ᠲᠤᠰᠬᠠᠶ ᠮᠡᠷᠭᠡᠵᠢᠯ ᠤᠨ ᠬᠦᠴᠦᠨ ᠢᠶᠠᠨ ᠵᠣᠬᠢᠶᠠᠨ ᠪᠠᠶᠢᠭᠤᠯᠵᠤ ᠡᠪᠳᠡᠭᠳᠡᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠬᠤ ᠠᠵᠢᠯ ᠥᠷᠨᠢᠭᠦᠯᠪᠡ᠃     ᠰᠡᠯᠪᠢᠨ ᠵᠠᠰᠠᠬᠤ ᠶᠠᠪᠤᠴᠠ ᠳᠤ᠂ ᠠᠵᠢᠯᠲᠠᠳ ᠵᠠᠮ ᠤᠨ ᠭᠠᠳᠠᠷᠭᠤ ᠶᠢᠨ ᠡᠪᠳᠡᠷᠡᠵᠦ ᠰᠦᠢᠳᠦᠭᠰᠡᠨ ᠭᠠᠵᠠᠷ ᠢ ᠨᠠᠷᠢᠯᠢᠭ ᠣᠨᠣᠴᠠᠲᠠᠶ ᠪᠠᠷ ᠴᠡᠪᠡᠷᠯᠡᠨ ᠠᠷᠢᠯᠭᠠᠵᠤ᠂ ᠳᠠᠷᠠᠭ᠎ᠠ ᠨᠢ ᠰᠢᠨ᠎ᠡ ᠯᠢᠴᠢᠩ ᠢᠶᠠᠷ ᠪᠥᠭᠯᠡᠵᠦ᠂ ᠨᠠᠷᠢᠯᠢᠭ ᠪᠥᠭᠡᠳ ᠪᠣᠳᠠᠲᠠᠶ ᠪᠠᠷ ᠰᠢᠢᠳᠪᠦᠷᠢᠯᠡᠭᠰᠡᠨ ᠪᠠᠶᠢᠨ᠎ᠠ᠃  ᠤᠳᠤᠬᠠᠨ᠂ ᠡᠪᠳᠡᠭᠳᠡᠭᠰᠡᠨ ᠵᠠᠮ ᠢ ᠪᠦᠬᠦ ᠲᠠᠯ᠎ᠠ ᠪᠠᠷ ᠵᠠᠰᠠᠵᠤ ᠳᠠᠭᠤᠰᠬᠠᠪᠠ᠃     ᠲᠣᠰ ᠤᠳᠠᠭᠠᠨ ᠤ ᠵᠠᠮ ᠤᠨ ᠪᠠᠷᠢᠯᠭ᠎ᠠ ᠶᠢ ᠨᠡᠶᠢᠲᠡ 500 ᠭᠠᠷᠤᠶ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ᠂ ᠵᠠᠮ ᠲᠡᠭᠰᠢᠯᠡᠨ ᠰᠠᠭᠠᠳ ᠥᠬᠡᠶ ᠨᠡᠪᠲᠡᠷᠡᠬᠦ ᠶᠢ ᠪᠦᠲᠦᠮᠵᠢᠲᠡᠶ ᠰᠡᠷᠭᠦᠭᠡᠭᠰᠡᠨ ᠢᠶᠠᠷ ᠪᠠᠷᠠᠬᠤ ᠥᠬᠡᠶ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠤᠯᠠᠨ ᠪᠤᠯᠠᠭ  ᠪᠠᠯᠭᠠᠰᠤᠨ ᠤ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠭᠠᠷᠤᠭᠰᠠᠨ ᠪᠠ ᠬᠤᠲᠠ ᠶᠢᠨ ᠠᠷᠠᠳ ᠤᠨ ᠨᠠᠮᠤᠷ ᠤᠨ ᠵᠤᠭᠠᠴᠠᠯ ᠤᠨ ᠬᠠᠲᠤᠨ ᠭᠤᠤᠯ ᠤᠨ ᠵᠠᠩ ᠦᠢᠯᠡ ᠶᠢᠨ ᠬᠦᠷᠢᠶᠡᠯᠡᠩ ᠳᠤ ᠲᠥᠬᠦᠮ ᠪᠠ ᠪᠠᠲᠤᠯᠠᠭ᠎ᠠ ᠠᠪᠴᠢᠷᠠᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号