ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠬᠢ ᠪᠠᠶᠠᠯᠢᠭ ᠣᠷᠴᠢᠨ | ᠲᠣᠭᠤᠷᠢᠨ ᠤ ᠲᠣᠪᠴᠢᠶ᠎ᠠ ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ︽ᠵᠥᠪ ᠲᠠᠯ᠎ᠠ ᠶᠢᠨ | ᠨᠠᠷᠢᠨ ᠲᠠᠩᠰᠠ︾ ᠶᠢᠨ ᠲᠦᠷᠢᠮ ᠤᠨ ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ 64 ᠠᠵᠤ ᠠᠬᠤᠶᠢᠯᠠᠯ ᠢ | ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠶᠢᠨ ᠨᠠᠷᠢᠨ ᠲᠠᠩᠰᠠ ᠳᠤ | ᠣᠷᠣᠭᠤᠯᠪᠠ᠃ | ᠨᠠᠷᠢᠨ ᠬᠠᠭᠤᠳᠠᠰᠤ ᠳᠤ ᠣᠷᠣᠭᠤᠯᠤᠭᠰᠠᠨ ᠠᠵᠤ ᠠᠬᠤᠶᠢᠯᠠᠯ ᠳᠤ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠡᠬᠢ ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ ᠵᠢᠯᠣᠭᠤᠴᠢ ᠥᠬᠡᠶ ᠨᠢᠰᠬᠡᠯ᠂ | ᠠᠶᠠᠯᠠᠯ ᠤᠨ ᠲᠡᠷᠭᠡ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠠᠷᠭ᠎ᠠ ᠮᠠᠶ᠋ᠢᠭ ᠢ ᠠᠰᠢᠭᠯᠠᠨ ᠠᠯᠤᠰ ᠠᠴᠠ | ᠬᠠᠤᠯᠢ ᠬᠡᠷᠡᠭᠵᠢᠭᠦᠯᠬᠦ᠂ ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢ ᠥᠷᠨᠢᠭᠦᠯᠦᠨ᠎ᠡ᠃ ᠲᠣᠰ | ᠠᠷᠭ᠎ᠠ ᠬᠡᠮᠵᠢᠶ᠎ᠡ ᠨᠢ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠶᠢ | ᠪᠠᠭᠠᠰᠬᠠᠬᠤ ᠶᠢᠨ ᠬᠠᠮᠲᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠲᠠᠰᠤᠯᠳᠠᠭᠤᠯᠬᠤ ᠦᠭᠡᠢ᠂ | ᠬᠠᠤᠯᠢ ᠬᠡᠷᠡᠭᠵᠢᠭᠦᠯᠬᠦ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠡᠭᠦᠨ ᠤ ᠬᠠᠮᠲᠤ᠂ ᠣᠷᠣᠨ ᠤ ᠡᠬᠢ ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ ᠪᠠᠰᠠ ︽ᠵᠥᠪ ᠲᠠᠯ᠎ᠠ ᠶᠢᠨ | ᠨᠠᠷᠢᠨ ᠲᠠᠩᠰᠠ︾ ᠶᠢᠨ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ᠂ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠬᠡᠷᠡᠭᠵᠢᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | ᠪᠠ ᠬᠦᠴᠢᠷᠳᠡᠯ ᠳᠤ ᠴᠢᠭᠯᠡᠭᠦᠯᠦᠨ᠂ ᠪᠣᠳᠠᠲᠠᠶ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠪᠠ | ᠮᠡᠷᠭᠡᠵᠢᠯ ᠤᠨ ᠵᠢᠯᠣᠭᠤᠳᠣᠯᠭ᠎ᠠ ᠬᠠᠩᠭᠠᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ︽ᠵᠥᠪ ᠲᠠᠯ᠎ᠠ ᠶᠢᠨ | ᠨᠠᠷᠢᠨ ᠲᠠᠩᠰᠠ︾ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠲᠣᠰ ︽ᠵᠥᠪ ᠲᠠᠯ᠎ᠠ ᠶᠢᠨ ᠨᠠᠷᠢᠨ | ᠲᠠᠩᠰᠠ︾ ᠳᠤ ᠵᠢᠭᠰᠠᠭᠠᠭᠳᠠᠭᠰᠠᠨ ᠠᠵᠤ ᠠᠬᠤᠶᠢᠯᠠᠯ ᠬᠦᠨᠳᠦ ᠨᠣᠴᠢᠲᠠᠶ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠪᠤᠶᠤ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠭᠠᠷᠪᠠᠯ ᠲᠣᠳᠣᠷᠬᠠᠶ ᠬᠠᠭᠤᠳᠠᠰᠤ | ᠰᠢᠯᠵᠢᠭᠦᠯᠦᠨ ᠭᠠᠷᠭᠠᠨ᠎ᠠ᠃ | |