ᠣᠶᠢᠷ᠎ᠠ ᠳᠤ᠂ ᠤᠷᠤᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ | ᠲᠣᠪᠴᠢᠶ᠎ᠠ ᠸᠠᠨ ᠴᠢᠤᠸᠠᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠠᠵᠢᠯ ᠢ ᠱᠠᠯᠠᠪᠳᠠᠨ ᠬᠢᠵᠦ᠂ ᠪᠦᠦ ᠬᠠ | ᠵᠠᠰᠠᠮᠠᠯ ᠵᠠᠮ ᠵᠡᠷᠭᠡ 3 ᠵᠤᠷᠪᠤᠰ ᠰᠢᠶᠠᠨ ᠤ ᠳᠡᠰ ᠤᠨ ᠵᠠᠮ ᠢ ᠰᠡᠯᠪᠢᠨ ᠵᠠᠰᠠᠵᠤ ᠳᠠᠭᠤᠰᠬᠠᠪᠠ᠃ | 9 ᠳ᠋ᠤᠭᠠᠷ ᠰᠠᠷ᠎ᠠ ᠳᠤ ᠪᠤᠭᠤᠲᠤ ᠳᠤ ᠶᠡᠭᠡ ᠬᠡᠮᠵᠢᠶ᠎ᠡ ᠪᠠᠷ ᠪᠣᠷᠣᠭᠠᠨ ᠣᠷᠣᠵᠤ᠂ ᠬᠠᠷᠢᠶ᠎ᠠ ᠣᠷᠣᠨ ᠤ ᠪᠢᠨ ᠾᠧ | ᠶᠡᠭᠡ ᠵᠠᠮ᠂ ᠪᠦᠦ ᠬᠠ ᠵᠠᠰᠠᠮᠠᠯ ᠵᠠᠮ᠂ ᠬᠦᠩᠭᠡᠨᠴᠠᠭᠠᠨ ᠤ ᠦᠢᠯᠡᠰ ᠤᠨ ᠡᠭᠦᠳᠡᠨ ᠡᠮᠦᠨᠡᠬᠢ ᠬᠠᠭᠤᠴᠢᠨ ᠡᠮᠦᠨ᠎ᠡ | ᠬᠤᠲᠠ ᠶᠢ ᠲᠣᠭᠤᠷᠢᠭᠰᠠᠨ ᠵᠠᠰᠠᠮᠠᠯ ᠵᠠᠮ 3 ᠵᠤᠷᠪᠤᠰ ᠰᠢᠶᠠᠨ ᠤ ᠵᠠᠮ ᠤᠨ ᠬᠡᠰᠡᠭ ᠴᠠᠷᠳᠠᠮᠠᠯ ᠵᠠᠮ ᠡᠪᠳᠡᠭᠳᠡᠵᠦ᠂ | ᠡᠩᠬᠦᠯ ᠳᠤᠩᠬᠤᠯ ᠲᠡᠭᠰᠢ ᠪᠤᠰᠤ ᠪᠠᠶᠢᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ᠂ ᠶᠠᠪᠠᠭᠠᠨ ᠬᠥᠮᠦᠨ ᠤ | ᠨᠡᠪᠲᠡᠷᠡᠬᠦ ᠪᠠ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠪᠡ᠃ | ᠪᠠᠷᠢᠯᠭ᠎ᠠ ᠶᠢᠨ ᠨᠢᠭᠡᠴᠢ ᠣᠶᠢᠷ᠎ᠠ ᠶᠢᠨ ᠬᠤᠭᠤᠴᠠᠭᠠᠨ ᠳᠤ ᠲᠤᠩᠭᠠᠯᠠᠭ ᠡᠳᠦᠷ ᠨᠡᠯᠢᠶᠡᠳ ᠣᠯᠠᠨ ᠪᠠᠶᠢᠬᠤ | ᠠᠰᠢᠭᠲᠠᠶ ᠲᠣᠬᠢᠶᠠᠯ ᠢ ᠠᠮᠵᠢᠨ᠂ ᠲᠤᠰᠬᠠᠶ ᠮᠡᠷᠭᠡᠵᠢᠯ ᠤᠨ ᠮᠠᠰᠢᠨ ᠲᠥᠬᠦᠭᠡᠷᠦᠮᠵᠢ ᠶᠢ ᠰᠢᠯᠵᠢᠭᠦᠯᠦᠨ ᠴᠤᠭᠯᠠᠭᠤᠯᠵᠤ | ᠦᠷᠭᠦᠯᠵᠢᠯᠡᠨ ᠵᠠᠰᠠᠨ ᠰᠡᠯᠪᠢᠪᠡ ᠃ ︽ᠦᠨᠳᠦᠰᠦᠨ ᠱᠠᠲᠤ ᠶᠢ ᠠᠳᠬᠤᠵᠤ᠂ ᠨᠢᠭᠤᠷ ᠲᠠᠯ᠎ᠠ ᠶᠢ ᠨᠤᠷᠠᠭᠠᠵᠤ᠂ | ᠦᠨᠳᠦᠰᠦᠨ ᠱᠠᠲᠤ ᠶᠢ ᠴᠡᠪᠡᠷᠯᠡᠵᠦ᠂ ᠬᠦᠢᠲᠡᠨ ᠢᠷᠣᠭᠠᠷ ᠤᠨ ᠲᠣᠰᠣ ᠶᠢ ᠱᠦᠷᠭᠦᠵᠦ᠂ ᠨᠢᠭᠡ ᠯᠡ ᠳᠡᠭᠡᠷ᠎ᠡ ᠳᠡᠯᠭᠡᠵᠦ | ᠂ ᠬᠤᠶᠠᠳᠠᠬᠢ ᠤᠳᠠᠭ᠎ᠠ ᠳᠡᠯᠭᠡᠬᠦ︾ ᠠᠵᠢᠯ ᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠡᠪᠳᠡᠭᠳᠡᠭᠰᠡᠨ ᠵᠠᠮ ᠤᠨ | ᠭᠠᠳᠠᠷᠭᠤ ᠶᠢ ᠵᠠᠰᠠᠨᠰᠡᠷᠭᠦᠭᠡᠵᠠᠢ᠃ ᠪᠠᠷᠢᠯᠭ᠎ᠠ ᠶᠢᠨ ᠲᠠᠯ᠎ᠠ ᠶᠢᠨ ᠬᠢᠨ ᠡᠳᠦᠷ ᠰᠥᠨᠢ ᠥᠬᠡᠶ ᠠᠵᠢᠯᠯᠠᠬᠤ ᠪᠠᠷ ᠳᠡᠮᠵᠢᠨ | ᠂ ᠯᠢᠴᠢᠩ ᠪᠧᠲ᠋ᠣᠨ ᠵᠠᠮ ᠤᠨ ᠭᠠᠳᠠᠷᠭᠤ ᠶᠢ 2000 ᠺᠦᠸᠠᠳ᠋ ᠮᠧᠲᠷ ᠵᠠᠰᠠᠨ ᠰᠡᠷᠭᠦᠭᠡᠪᠡ᠃ ᠣᠳᠣᠬᠠᠨ ᠳᠤ | ᠭᠤᠷᠪᠠᠨ ᠵᠤᠷᠪᠤᠰ ᠰᠢᠶᠠᠨ ᠤ ᠵᠠᠮ ᠪᠦᠬᠦᠨ ᠢᠶᠠᠷ ᠢᠶᠠᠨ ᠬᠡᠪ ᠤᠨ ᠪᠠᠶᠢᠳᠠᠯ ᠢᠶᠠᠷ ᠨᠡᠪᠲᠡᠷᠡᠵᠦ ᠪᠠᠶᠢᠨ᠎ᠠ᠃ | | | |