ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/10/17
    10 ᠰᠠᠷ᠎ᠠ ᠶᠢᠨ 14 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠤ 190 ᠬᠤᠪᠢ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠶᠢᠨ ᠮᠡᠳᠡᠭᠦᠯᠦᠯᠲᠡ ᠶᠢ ᠪᠡᠶᠡᠯᠡᠭᠦᠯᠪᠡ᠃ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠡᠯ᠎ᠡ ᠠᠵᠤ ᠠᠬᠤᠶᠢᠯᠠᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠥᠷᠥ ᠶᠢᠨ ᠪᠣᠳᠣᠯᠭ᠎ᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠶᠢᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠮᠡᠳᠡᠯᠭᠡ ᠶᠢᠨ ᠡᠭᠦᠳᠦᠯᠲᠡ ᠪᠠ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠠᠴᠠ ᠦᠵᠡᠪᠡᠯ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠨᠡᠶᠢᠳᠡᠮ ᠳᠡᠭᠡᠨ ᠮᠡᠷᠭᠡᠵᠢᠯ ᠤᠨ ᠣᠷᠣᠭᠤᠯᠤᠯᠲᠠ ᠪᠠ ᠭᠠᠷᠭᠠᠯᠲᠠ ᠶᠢᠨ ᠲᠠᠯ᠎ᠠ ᠪᠠᠷ ᠨᠡᠯᠢᠶᠡᠳ ᠴᠢᠩᠭ᠎ᠠ ᠥᠷᠢᠰᠥᠯᠳᠦᠬᠦ ᠬᠦᠴᠦᠨ ᠢ ᠢᠯᠡᠷᠡᠭᠦᠯᠦᠭᠰᠡᠨ ᠪᠠᠶᠢᠨ᠎ᠠ᠃     2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ᠂ ᠴᠢᠳᠠᠪᠤᠷᠢᠲᠠᠨ ᠤ ᠲᠦᠷᠦᠯ᠂ ᠲᠦᠷᠦ ᠶᠢᠨ ᠪᠤᠳᠤᠯᠭ᠎ᠠ ᠶᠢᠨ ᠲᠦᠷᠦᠯ ᠂ ᠪᠡᠯᠡ ᠮᠥᠩᠭᠦ ᠶᠢᠨ ᠲᠦᠷᠦᠯ ᠵᠡᠷᠭᠡ ᠲᠠᠯ᠎ᠠ ᠪᠠᠷ᠂ ᠪᠤᠭᠤᠲᠤ ᠬᠤᠳᠠ ᠶᠢᠨ ᠶᠢᠩ ᠬᠤᠢ ᠠᠵᠤ ᠠᠬᠤᠶᠢᠯᠠᠯ ᠤᠨ ᠬᠠᠮᠢᠶᠠᠷᠤᠯᠲᠠ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠨᠠᠶᠢᠳᠠᠵᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠤᠰᠤᠳᠴᠢ ᠪᠠᠷ ᠦᠨᠡᠯᠡᠨ ᠵᠢᠱᠢᠬᠦ ᠶᠢᠨ ᠬᠠᠮᠲᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ︽ᠲᠦᠷᠪᠡᠨ ᠨᠢᠭᠡ︾ ᠶᠢ ᠥᠷᠨᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠰᠤᠳᠠᠰᠤ ᠶᠢ ᠠᠳᠬᠤᠨ ᠴᠢᠭᠯᠡᠯ ᠢ ᠲᠣᠭᠲᠠᠭᠠᠵᠤ᠂ ᠰᠢᠪᠲᠤᠯᠤᠯᠲᠠ ᠶᠢᠨ ᠴᠢᠭᠯᠡᠯ ᠢ ᠡᠷᠢᠯᠬᠢᠯᠡᠪᠡ᠃     ᠣᠳᠣᠬᠠᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠤᠰᠬᠠᠶ ᠲᠥᠷᠥᠯ ᠤᠨ ᠠᠵᠢᠯ ᠢ ᠭᠤᠶᠤᠴᠢᠯᠠᠬᠤ ᠶᠠᠪᠤᠴᠠ ᠳᠠᠭᠠᠨ ᠡᠷᠴᠢ ᠵᠣᠷᠢᠭ ᠢᠶᠠᠨ ᠬᠥᠪᠴᠢᠯᠡᠵᠦ᠂ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠴᠢᠳᠠᠪᠤᠷᠢ ᠪᠠᠨ ᠲᠦᠷᠭᠡᠨ ᠳᠡᠭᠡᠭᠰᠢᠯᠡᠭᠦᠯᠪᠡ᠃ ᠮᠡᠳᠡᠭᠦᠯᠦᠯᠲᠡ ᠳᠤ ᠰᠠᠨᠠᠭᠤᠯᠤᠭᠰᠠᠨ ᠨᠢ᠂ ᠣᠳᠣᠬᠠᠨ ᠤ ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠥᠪᠡᠷᠮᠢᠴᠡ ᠳᠠᠪᠠᠭᠤᠯᠢᠭ ᠢᠶᠠᠨ ᠭᠦᠨᠵᠡᠭᠡᠶ ᠠᠭᠤᠳᠠᠯᠤᠨ ᠪᠠᠳᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠤ‌ᠦᠢᠯᠡᠰ ᠢ ᠲᠠᠰ ᠳᠡᠪᠰᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃    ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ ᠲᠠᠰ ᠳᠠᠪᠬᠤᠷᠭ᠎ᠠ ᠶᠢ ᠤᠯᠠᠮ ᠨᠢᠭᠡ ᠠᠯᠬᠤᠮ ᠵᠦᠶ ᠵᠣᠬᠢᠰᠲᠠᠶ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ ᠭᠡᠵᠡᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号