ᠣᠶᠢᠷ᠎ᠠ ᠳᠤ᠂ ᠵᠠᠷᠢᠮ ᠰᠦᠯᠵᠢᠶ᠎ᠡ ᠶᠢᠨ ᠬᠢᠨ ︽ᠬᠠᠮᠤᠭ ᠤᠨ ᠰᠢᠨ᠎ᠡ ᠠᠷᠠᠳ ᠤᠨ ᠵᠣᠭᠤᠰ ᠤᠨ 6 ᠳ᠋ᠤᠭᠠᠷ | ᠢᠵᠢ︾᠂ ︽ᠢᠷᠡᠬᠦ ᠵᠢᠯ ᠵᠠᠬ᠎ᠠ ᠳᠡᠯᠭᠡᠭᠦᠷ ᠲᠤ 1000 ᠲᠥᠭᠦᠷᠢᠭ ᠤᠨ ᠠᠷᠠᠳ ᠤᠨ ᠵᠣᠭᠤᠰ ᠭᠠᠷᠭᠠᠬᠤ ᠭᠡᠵᠦ | ᠪᠠᠶᠢᠨ᠎ᠠ︾ ᠭᠡᠬᠦ ᠮᠡᠳᠦ ᠶᠢᠨ ᠪᠢᠴᠢᠭᠡᠰᠦ ᠨᠡᠶᠢᠳᠡᠯᠡᠭᠰᠡᠨ ᠪᠥᠭᠡᠳ ᠪᠠᠰᠠ ︽ᠰᠢᠨ᠎ᠡ ᠠᠷᠠᠳ ᠤᠨ ᠵᠣᠭᠤᠰ︾ ᠤᠨ | ᠥᠯᠢᠭᠡᠷ ᠵᠢᠷᠤᠭ ᠢ ᠳᠠᠭᠠᠯᠳᠤᠭᠤᠯᠤᠬᠰᠠᠨ ᠪᠠᠶᠢᠨ᠎ᠠ᠃ ᠡᠨᠡ ᠨᠢ ᠦᠨᠡᠨ ᠦᠦ︖ ᠬᠡᠷᠪᠡ ᠠᠷᠠᠳ ᠤᠨ ᠵᠣᠭᠤᠰ᠂ | ᠳᠤᠷᠠᠰᠬᠠᠯ ᠤᠨ ᠵᠣᠭᠤᠰ ᠵᠡᠷᠭᠡ ᠶᠢᠨ ᠲᠤᠬᠠᠢ ᠵᠣᠬᠢᠬᠤ ᠣᠶᠢᠯᠠᠭᠠᠯᠲᠠ ᠲᠠᠢ ᠶᠤᠮ ᠪᠤᠯ ᠪᠠᠷᠤᠭ ᠦᠵᠡᠮᠡᠭᠴᠡ ᠢᠯᠭᠠᠵᠤ | ᠳᠡᠶᠢᠯᠳᠡᠭ᠂ ᠡᠨᠡ ᠪᠣᠯ ᠬᠤᠳᠠᠯ ᠬᠠᠭᠤᠷᠮᠠᠭ ᠴᠢᠮᠡᠭᠡ ᠶᠤᠮ᠃ ᠰᠤᠷᠪᠤᠯᠵᠢᠯᠠᠭᠴᠢ ᠶᠢᠨ ᠬᠠᠷᠭᠤᠭᠤᠯᠤᠨ | ᠪᠠᠶᠢᠴᠠᠭᠠᠭᠰᠠᠨ ᠢᠶᠠᠷ᠂ ᠯᠤᠤ ᠶᠢᠨ ᠵᠢᠷᠤᠭ ᠳᠠᠷᠤᠮᠠᠯᠯᠠᠭᠰᠠᠨ 1000 ᠲᠥᠭᠦᠷᠢᠭ ᠤᠨ ᠠᠷᠠᠳ ᠤᠨ ᠵᠣᠭᠤᠰ︾ ᠤᠨ | ᠥᠯᠢᠭᠡᠷ ᠵᠢᠷᠤᠭ ᠨᠢ 2000 ᠣᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠠᠷᠬᠠᠭᠠᠭᠰᠠᠨ ᠵᠠᠭᠤᠨ | ᠲᠥᠭᠦᠷᠢᠭ ᠤᠨ ︽ᠮᠢᠩᠭᠠᠨ ᠲᠥᠭᠦᠷᠢᠭ ᠤᠨ ᠯᠤᠤᠲᠤ ᠵᠣᠭᠤᠰ︾ ᠤᠨ ᠵᠢᠷᠤᠭ ᠲᠠᠢ ᠮᠠᠰᠢ ᠠᠳᠠᠯᠢ ᠪᠠᠶᠢᠵᠤ᠂ | ᠵᠥᠪᠬᠡᠨ ᠨᠢᠭᠤᠷ ᠤᠨ ᠲᠤᠭ᠎ᠠ ᠪᠠ ᠨᠠᠷᠢᠨ ᠵᠦᠢᠯᠡᠰ ᠤᠨ ᠬᠡᠰᠡᠭ ᠨᠢ ᠵᠢᠭᠠᠬᠠᠨ ᠢᠯᠭᠠᠭ᠎ᠠ ᠲᠠᠢ ᠪᠠᠶᠢᠨ᠎ᠠ᠂ ᠡᠨᠡ ᠨᠢ | ᠬᠡᠯᠡᠯᠭᠡᠨ ᠦᠭᠡᠢ ᠵᠢᠷᠤᠭ ᠢ ᠵᠠᠰᠠᠭᠰᠠᠨ ᠤ ᠦᠷ᠎ᠡ ᠳ᠋ᠦᠩ ᠪᠤᠯᠤᠨ᠎ᠠ᠃ ᠬᠡᠷᠡᠭ ᠳᠡᠭᠡᠷ᠎ᠡ ᠪᠠᠨ ︽ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠤᠯᠢ︾ ᠶᠢᠨ ᠠᠷᠪᠠᠨ | ᠨᠠᠢᠮᠠᠳᠤᠭᠠᠷ ᠵᠦᠢᠯ ᠢ ᠦᠨᠳᠦᠰᠦᠯᠡᠪᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠨᠢ ᠰᠢᠨ᠎ᠡ ᠬᠡᠪᠯᠡᠯ ᠤᠨ | ᠠᠷᠠᠳ ᠤᠨ ᠵᠣᠭᠤᠰ ᠢ ᠲᠠᠷᠬᠠᠭᠠᠬᠤ ᠳᠠᠭᠠᠨ ᠲᠠᠷᠬᠠᠭᠠᠬᠤ ᠴᠠᠭ᠂ ᠨᠢᠭᠤᠷ ᠤᠨ ᠲᠤᠭ᠎ᠠ᠂ ᠵᠢᠷᠤᠭ᠂ ᠶᠠᠩᠵᠤ ᠬᠡᠯᠪᠡᠷᠢ᠂ | ᠬᠡᠪ ᠪᠠᠷᠢᠮᠵᠢᠶ᠎ᠠ ᠶᠢ ᠵᠠᠷᠯᠠᠨ ᠨᠡᠶᠢᠲᠡᠯᠡᠬᠦ ᠬᠡᠷᠡᠭᠲᠡᠢ ᠶᠤᠮ᠃ ᠬᠡᠳᠡᠯ᠎ᠡ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠠᠯᠪᠠᠨ ᠤ ᠲᠠᠯ᠎ᠠ ᠶᠢᠨ ᠬᠢᠨ ᠰᠢᠨ᠎ᠡ ᠬᠡᠪᠯᠡᠯ ᠤᠨ ᠠᠷᠠᠳ ᠤᠨ ᠵᠣᠭᠤᠰ ᠲᠠᠷᠬᠠᠭᠠᠬᠰᠠᠨ ᠲᠤᠬᠠᠶ ᠶᠠᠮᠠᠷ ᠴᠤ ᠠᠯᠪᠠᠨ ᠵᠠᠷ | ᠨᠡᠶᠢᠲᠡᠯᠡᠭᠰᠡᠨ ᠥᠬᠡᠶ᠃ |