ᠤᠯᠠᠭᠠᠨ ᠢᠳᠡᠭᠡ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠪᠤᠭᠤ ᠶᠢᠨ ᠮᠢᠬ᠎ᠠ᠂ | ᠲᠠᠤᠯᠠᠢ ᠶᠢᠨ ᠮᠢᠬ᠎ᠠ ᠵᠡᠷᠭᠡ ᠰᠢᠷᠬᠡᠭᠯᠢᠭ ᠳᠠᠪᠬᠤᠷᠭ᠎ᠠ ᠪᠦᠬᠦᠢ ᠤᠯᠠᠭᠠᠨ ᠥᠩᠭᠡ ᠲᠠᠢ ᠮᠠᠯ ᠤᠨ ᠮᠢᠬ᠎ᠠ ᠪᠠᠭᠳᠠᠵᠤ | ᠪᠠᠶᠢᠬᠤ ᠪᠦᠭᠡᠳ ᠨᠢᠭᠡᠨᠲᠡ ᠡᠳᠡᠭᠡᠷ ᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠣᠯᠠᠨ | ᠤᠯᠤᠰ ᠤᠨ ᠬᠤᠣᠷᠲᠤ ᠬᠠᠪᠤᠳᠠᠷ ᠤᠨ ᠰᠤᠳᠤᠯᠭᠠᠨ ᠤ ᠪᠠᠶᠢᠭᠤᠯᠤᠮᠵᠢ ᠠᠴᠠ 2A ᠲᠥᠷᠥᠯ ᠤᠨ ᠬᠤᠣᠷᠲᠤ ᠬᠠᠪᠤᠳᠠᠷ | ᠡᠭᠦᠰᠬᠡᠳᠡᠭ ᠢᠳᠡᠭᠡᠨ ᠢᠶᠠᠷ ᠵᠢᠬᠰᠠᠭᠠᠪᠠ᠃ ᠤᠶᠢᠷ᠎ᠠ ᠶᠢᠨ ᠵᠢᠯ ᠠᠴᠠ ᠮᠠᠰᠢ ᠤᠯᠠᠨ ᠰᠤᠳᠤᠯᠭᠠᠨ ︽ᠤᠯᠠᠭᠠᠨ | ᠢᠳᠡᠭᠡ ᠨᠢ ᠬᠤᠳᠣᠭᠤᠳᠣᠨ ᠤ ᠬᠤᠣᠷᠲᠤ ᠬᠠᠪᠤᠳᠠᠷ᠂ ᠨᠤᠭᠤᠯᠤᠭ᠎ᠠ ᠭᠡᠳᠡᠰᠦᠨ ᠤ ᠬᠤᠣᠷᠲᠤ ᠬᠠᠪᠤᠳᠠᠷ᠂ ᠬᠥᠬᠦᠨ | ᠪᠤᠯᠴᠢᠷᠬᠠᠢ ᠶᠢᠨ ᠬᠤᠣᠷᠲᠤ ᠬᠠᠪᠤᠳᠠᠷ᠂ ᠲᠦᠷᠦᠭᠦᠦ ᠪᠤᠯᠴᠢᠷᠬᠠᠢ ᠶᠢᠨ ᠬᠤᠣᠷᠲᠤ ᠬᠠᠪᠤᠳᠠᠷ ᠵᠡᠷᠭᠡ ᠣᠯᠠᠨ ᠵᠦᠢᠯ ᠤᠨ | ᠬᠤᠣᠷᠲᠤ ᠬᠠᠪᠤᠳᠠᠷ ᠲᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠬᠦᠯᠬᠦ ᠲᠠᠢ ᠬᠠᠷᠢᠴᠠᠭ᠎ᠠ ᠬᠤᠯᠪᠤᠭ᠎ᠠ ᠲᠠᠢ︾ | ᠭᠡᠳᠡᠭ ᠢ ᠭᠡᠷᠡᠴᠢᠯᠡᠭᠰᠡᠨ ᠪᠠᠶᠢᠨ᠎ᠠ᠃ | ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ | ᠠᠶᠤᠯ ᠲᠦᠭᠰᠢᠭᠦᠷᠢ ᠥᠨᠳᠥᠷ ᠪᠤᠯᠳᠠᠭ | ᠵᠠᠷᠢᠮ ᠠᠵᠢᠭᠯᠠᠯᠲᠠ ᠶᠢᠨ ᠴᠢᠨᠠᠷ ᠲᠠᠢ ᠰᠤᠳᠤᠯᠭᠠᠨ ᠠᠴᠠ᠂ ᠤᠯᠠᠭᠠᠨ ᠢᠳᠡᠭᠡ ᠳᠤ ᠬᠡᠲᠦ ᠶᠡᠭᠡ ᠬᠠᠨᠤᠭᠰᠠᠨ | ᠥᠭᠡᠬᠦ ᠪᠣᠯᠤᠨ ᠾᠣᠯᠧᠰᠲ᠋ᠧᠷᠢᠨ ᠶᠡᠭᠡ ᠠᠭᠤᠯᠤᠬᠳᠠᠳᠠᠭ ᠪᠣᠯᠬᠤᠷ ᠬᠦᠮᠦᠨ ᠲᠥᠷᠥᠯᠬᠢᠲᠡᠨ ᠤ ᠵᠢᠷᠦᠬᠡ ᠰᠤᠳᠠᠰᠤᠨ ᠤ | ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠬᠦᠯᠬᠦ ᠲᠠᠢ ᠮᠡᠳᠡᠭᠳᠡᠮ᠎ᠡ ᠬᠠᠷᠢᠴᠠᠭ᠎ᠠ ᠬᠤᠯᠪᠣᠭ᠎ᠠ ᠲᠠᠢ | ᠶᠤᠮ᠃ ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ | ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃ | 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠪᠠᠶᠢᠩᠭᠤ | ᠲᠣᠬᠢᠶᠠᠯᠳᠤᠳᠠᠭ ᠬᠠᠪᠰᠤᠷᠤᠬᠰᠠᠨ ᠡᠪᠡᠳᠴᠢᠨ ᠪᠤᠯᠬᠤ ᠪᠦᠭᠡᠳ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ | ᠨᠢᠭᠡᠨᠲᠡ ᠲᠣᠭᠲᠠᠭᠠᠭᠰᠠᠨ ᠠᠶᠤᠯᠲᠠᠶ ᠬᠦᠴᠦᠨ ᠵᠦᠢᠯ ᠪᠣᠯᠤᠨ᠎ᠠ᠃ | ᠲᠦᠷᠦᠬᠦᠦ ᠪᠠᠷ ᠰᠤᠳᠤᠯᠤᠭᠠᠴᠢᠳ ᠲᠠᠷᠢᠬᠢᠨ ᠤ ᠴᠢᠰᠤᠨ ᠰᠤᠳᠠᠯ ᠤᠨ 43 ᠲᠥᠷᠥᠯ ᠤᠨ ᠡᠪᠡᠳᠴᠢᠨ ᠤ | ᠰᠤᠳᠤᠯᠭᠠᠨ ᠪᠠ 23 ᠲᠥᠷᠥᠯ ᠤᠨ ᠰᠢᠬᠢᠷ ᠰᠢᠵᠢᠩ ᠡᠪᠡᠳᠴᠢᠨ ᠤ ᠰᠤᠳᠤᠯᠭᠠᠨ ᠳᠤ ᠵᠠᠳᠠᠯᠤᠯᠲᠠ ᠬᠢᠵᠦ᠂ ᠡᠳᠦᠷ | ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡ ᠪᠣᠯᠤᠨ 100 ᠭᠷᠡᠮ ᠡᠳ᠋ᠰᠢᠬᠦᠯᠦᠨ | ᠪᠤᠯᠪᠠᠰᠤᠷᠠᠭᠤᠯᠤᠭᠠᠳᠤᠢ ᠤᠯᠠᠭᠠᠨ ᠢᠳᠡᠭᠡ ᠬᠢᠭᠡᠳ ᠵᠢᠷᠦᠬᠡ ᠰᠤᠳᠠᠰᠤᠨ ᠤ ᠡᠪᠡᠳᠴᠢᠨ ᠪᠣᠯᠤᠨ ᠰᠢᠬᠢᠷ ᠰᠢᠵᠢᠩ | ᠡᠪᠡᠳᠴᠢᠨ ᠤ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠵᠠᠳᠠᠯᠤᠨ ᠰᠤᠳᠤᠯᠵᠠᠢ᠃ | ᠰᠤᠳᠤᠯᠭᠠᠨ ᠢᠶᠠᠷ ᠤᠯᠵᠤ ᠮᠡᠳᠡᠭᠰᠡᠨ ᠨᠢ᠂ ᠡᠳ᠋ᠰᠢᠬᠦᠯᠦᠨ ᠪᠤᠯᠪᠠᠰᠤᠷᠠᠭᠤᠯᠤᠬᠰᠠᠨ ᠪᠤᠶᠤ ᠡᠳ᠋ᠰᠢᠬᠦᠯᠦᠨ | ᠪᠤᠯᠪᠠᠰᠤᠷᠠᠭᠤᠯᠤᠭᠠᠳᠤᠢ ᠤᠯᠠᠭᠠᠨ ᠢᠳᠡᠭᠡ ᠶᠢ ᠶᠡᠭᠡ ᠬᠡᠮᠵᠢᠶ᠎ᠡ ᠢᠳᠡᠬᠦ ᠨᠢ ᠵᠢᠷᠦᠬᠡ ᠰᠤᠳᠠᠰᠤᠨ ᠤ ᠡᠪᠡᠳᠴᠢᠨ ᠪᠣᠯᠤᠨ | ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠭᠦᠯᠳᠡᠭ᠃ ᠡᠳᠦᠷ ᠪᠦᠷᠢ 50 ᠭᠷᠡᠮ | ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡ ᠢᠯᠡᠬᠦᠦ ᠢᠳᠡᠪᠡᠯ ᠵᠢᠷᠦᠬᠡ ᠰᠤᠳᠠᠰᠤᠨ ᠤ ᠡᠪᠡᠳᠴᠢᠨ ᠳᠤ | ᠨᠡᠷᠪᠡᠭᠳᠡᠬᠦ ᠠᠶᠤᠯ ᠲᠦᠭᠰᠢᠬᠦᠷᠢ ᠶᠢ 26% ᠪᠠᠷ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ | ᠠᠶᠤᠯ ᠲᠦᠭᠰᠢᠬᠦᠷᠢ 44% ᠪᠠᠷ ᠨᠡᠮᠡᠭᠳᠡᠬᠦᠯᠳᠡᠭ᠃ ᠡᠳᠦᠷ ᠪᠦᠷᠢ 100 ᠭᠷᠠᠮ ᠤᠯᠠᠭᠠᠨ ᠢᠳᠡᠭᠡ ᠢᠯᠡᠭᠦᠦ | ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 11% ᠪᠠᠷ | ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 27 % ᠪᠠᠷ ᠨᠡᠮᠡᠭᠳᠡᠬᠦᠯᠳᠡᠭ | ᠪᠠᠶᠢᠨ᠎ᠠ᠃ |