ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ ᠬᠥᠭᠵᠢᠬᠦ ᠶᠢ ᠳᠠᠭᠠᠯᠳᠤᠨ᠂ ᠬᠠᠮᠢᠶ᠎ᠠ ᠪᠦᠬᠦᠢ | ᠬᠡᠷᠡᠭᠯᠡᠯᠲᠡ ᠨᠢ ᠶᠠᠭ ᠪᠢᠳᠡᠨ ᠤ ᠠᠮᠢᠳᠤᠷᠠᠯ ᠤᠨ ᠡᠯ᠎ᠡ ᠲᠠᠯ᠎ᠠ ᠳᠤ ᠣᠷᠣᠵᠤ ᠪᠤᠢ᠃ ᠭᠡᠲᠡᠯ᠎ᠡ ᠡᠨᠡ ᠨᠢ ᠪᠠᠰᠠ ᠬᠤᠪᠢ | ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠳᠤ ᠰᠢᠨ᠎ᠡ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ | ᠵᠢᠱᠢᠶᠡᠯᠡᠪᠡᠯ ︽AI ᠵᠢᠰᠦ ᠴᠢᠷᠠᠢ ᠰᠣᠯᠢᠬᠤ︾ ᠮᠡᠷᠭᠡᠵᠢᠯ ᠨᠢ ᠵᠥᠪᠬᠡᠨ ᠬᠠᠷᠠᠯᠳᠠᠳᠤ ᠬᠥᠮᠦᠨ ᠤ ᠨᠢᠭᠡ ᠰᠢᠷᠭᠡᠭ | ᠭᠡᠷᠡᠯ ᠵᠢᠷᠤᠭ ᠪᠠᠶᠢᠪᠠᠯ ᠳᠠᠷᠤᠶ ᠭᠡᠷᠡᠯ ᠵᠢᠷᠤᠭ ᠤᠨ ᠳᠣᠲᠣᠷᠠᠬᠢ ᠬᠥᠮᠦᠨ ᠢ ᠬᠥᠳᠡᠯᠭᠡᠬᠡᠨ ᠲᠠᠢ ᠪᠤᠯᠭᠠᠵᠤ ᠲᠠᠶᠢᠯᠤᠨ᠎ᠠ᠃ | | ᠵᠠᠩ ᠪᠦᠸᠧ ᠲᠠᠨᠢᠯᠴᠠᠭᠤᠯᠤᠨ ᠬᠡᠯᠡᠬᠦ ᠳᠡᠭᠡᠨ᠂ ᠣᠲᠣ AI ᠵᠢᠰᠦ ᠴᠢᠷᠠᠢ ᠰᠣᠯᠢᠬᠤ᠂ ᠲᠠᠭᠤ ᠰᠣᠯᠢᠬᠤ ᠵᠡᠷᠭᠡ ᠨᠢ | ᠬᠡᠳᠦ᠋ᠢᠪᠡᠷ ᠵᠣᠬᠢᠬᠤ ᠮᠡᠷᠭᠡᠵᠢᠯ ᠤᠨ ᠨᠥᠬᠦᠴᠡᠯ ᠪᠠ ᠠᠵᠢᠯᠯᠠᠬᠤ ᠥᠪᠡᠷ ᠤᠨ ᠥᠷᠲᠡᠭ ᠲᠠᠢ ᠪᠣᠯᠪᠠᠴᠤ ᠬᠡᠷᠪᠡ ᠬᠠᠤᠯᠢ | ᠪᠤᠰᠤ ᠡᠲᠡᠭᠡᠳ ᠲᠤ ᠠᠰᠢᠬᠯᠠᠬᠳᠠᠬᠤ ᠪᠠᠶᠢᠳᠠᠯ ᠳᠤᠤᠷ᠎ᠠ᠂ ᠳᠠᠷᠤᠶ ᠪᠤᠰᠤᠳ ᠢ ᠬᠠᠭᠤᠷᠴᠤ ᠮᠡᠭᠡᠯᠡᠬᠦ ᠳᠤ ᠬᠡᠷᠡᠭᠯᠡᠵᠦ᠂ | ᠬᠠᠮᠢᠶ᠎ᠠ ᠪᠥᠬᠦᠶ ᠶᠠᠯᠠᠲᠤ ᠠᠵᠢᠯᠯᠠᠭ᠎ᠠ ᠬᠢᠵᠦ ᠮᠡᠳᠡᠨ᠎ᠡ᠃ ︽ᠣᠳᠣᠬᠠᠨ ᠳᠤ AI ᠵᠢᠰᠦ ᠴᠢᠷᠠᠢ ᠰᠣᠯᠢᠬᠤ ᠮᠡᠷᠭᠡᠵᠢᠯ ᠨᠢ | ᠨᠡᠯᠢᠶᠡᠳ ᠪᠣᠯᠪᠠᠰᠤᠷᠠᠩᠭᠤᠶ ᠪᠤᠯᠵᠤ᠂ ᠸᠢᠳᠢᠣ᠋ ᠪᠠᠷ ᠤᠲᠠᠰᠤ ᠪᠠᠷ ᠶᠠᠷᠢᠯᠴᠠᠬᠤ ᠳᠤ ᠴᠠᠭ ᠲᠤᠬᠠᠶ ᠳᠤᠨᠢ ᠵᠢᠰᠦ ᠴᠢᠷᠠᠢ | ᠰᠣᠯᠢᠬᠤ ᠶᠢ ᠳᠡᠮᠵᠢᠵᠦ᠂ ᠦᠨᠡᠨ ᠬᠤᠳᠠᠯ ᠢ ᠬᠤᠳᠬᠤᠯᠳᠤᠭᠤᠯᠬᠤ ᠬᠡᠮᠵᠢᠶᠡᠨ ᠳᠤ ᠬᠦᠷᠦᠭᠰᠡᠨ ᠪᠠᠶᠢᠨ᠎ᠠ᠃ ᠵᠢᠰᠦ | ᠴᠢᠷᠠᠢ ᠶᠢ ᠰᠣᠯᠢᠬᠤ ᠠᠴᠠ ᠭᠠᠳᠠᠨ᠎ᠠ᠂ ᠪᠠᠰᠠ ᠣᠷᠴᠢᠨ ᠠᠬᠤᠶ ᠶᠢ ᠰᠣᠯᠢᠬᠤ᠂ ᠲᠠᠭᠤ ᠶᠢ ᠰᠣᠯᠢᠬᠤ ᠵᠡᠷᠭᠡ ᠲᠠᠢ | ᠤᠶᠠᠯᠳᠤᠭᠤᠯᠪᠠᠯ᠂ ᠦᠨᠡᠮᠰᠢᠬᠦ ᠬᠡᠮᠵᠢᠶ᠎ᠡ ᠨᠢ ᠨᠠᠩ ᠥᠨᠳᠥᠷ ᠪᠣᠯᠵᠣ᠂ ᠨᠠᠩ ᠴᠤ ᠢᠯᠭᠠᠵᠤ ᠳᠡᠶᠢᠯᠬᠦ ᠥᠬᠡᠶ ᠪᠣᠯᠤᠨ᠎ᠠ | ︾ ᠭᠡᠪᠡ᠃ | ᠢᠨᠲ᠋ᠧᠷ ᠰᠦᠯᠵᠢᠶᠡᠨ ᠤ ᠮᠡᠷᠭᠡᠵᠢᠯᠳᠡᠨ ᠬᠡᠯᠡᠬᠦ ᠳᠡᠭᠡᠨ᠂ ︽ᠨᠦᠬᠦᠭᠡ ᠡᠳᠡᠭᠡᠳ ᠢᠶᠠᠷ ᠢᠶᠠᠨ ᠲᠣᠯᠣᠭᠠᠶ ᠪᠠᠨ | ᠥᠨᠳᠡᠶᠢᠬᠦ᠂ ᠲᠣᠯᠣᠭᠠᠶ ᠪᠠᠨ ᠳᠣᠬᠢᠬᠤ᠂ ᠡᠷᠭᠢᠬᠦ ᠬᠦᠳᠡᠯᠭᠡᠭᠡᠨ ᠲᠦᠷᠭᠡᠨ ᠬᠢᠯᠭᠡᠪᠡᠯ ᠨᠢ ᠸᠢᠳᠢᠣ᠋ ᠳᠤ ᠬᠡᠪ ᠤᠨ ᠪᠤᠰᠤ | ᠨᠠᠷᠢᠨ ᠵᠦᠢᠯᠡᠰ ᠪᠠᠶᠢᠬᠤ ᠡᠰᠡᠬᠦ ᠶᠢ ᠤᠯᠠᠮ ᠨᠢᠭᠡ ᠠᠯᠬᠤᠮ ᠮᠠᠭᠠᠳᠯᠠᠵᠤ᠂ ᠡᠨᠡ ᠸᠢᠳᠢᠣ᠋ ᠶᠢᠨ ᠦᠨᠡᠨ ᠪᠣᠳᠠᠲᠠᠶ | ᠡᠰᠡᠬᠦ ᠶᠢ ᠨᠤᠳᠠᠯᠠᠵᠤ ᠴᠢᠳᠠᠨ᠎ᠠ︾ ᠬᠡᠪᠡ᠃ | ᠡᠨᠡ ᠬᠡᠳᠦᠨ ᠵᠦᠢᠯ ᠬᠡᠷᠡᠯ ᠵᠢᠷᠤᠭ ᠢ ᠶᠠᠭᠠᠬᠢᠭᠰᠠᠨ ᠴᠤ ᠳᠤᠷ᠎ᠠ ᠪᠠᠷ ᠢᠶᠠᠨ ᠰᠦᠯᠵᠢᠶᠡᠨ ᠲᠡᠭᠡᠷ᠎ᠡ ᠲᠠᠯᠪᠢᠵᠦ | ᠪᠣᠯᠬᠤ ᠦᠭᠡᠢ | ᠡᠳᠦᠷ ᠲᠤᠲᠤᠮ ᠤᠨ ᠠᠮᠢᠳᠤᠷᠠᠯ ᠳᠤᠮᠳᠠ᠂ ᠴᠥᠭᠡᠨ ᠪᠤᠰᠤ ᠬᠥᠮᠦᠰ ᠨᠠᠶᠢᠵᠠ ᠶᠢᠨ ᠲᠣᠭᠤᠷᠢᠭ᠂ ᠣᠬᠤᠷ | ᠸᠢᠳᠢᠣ᠋ ᠳᠡᠭᠡᠷ᠎ᠡ ᠠᠮᠲᠠᠲᠤ ᠢᠳᠡᠭᠡᠨ᠂ ᠭᠤᠶᠣ ᠦᠵᠡᠮᠵᠢ ᠲᠠᠯᠪᠢᠵᠦ ᠬᠤᠪᠢᠶᠠᠯᠴᠠᠬᠤ ᠳᠤᠷᠠᠲᠠᠶ ᠪᠠᠶᠢᠳᠠᠭ᠂ ᠬᠡᠷᠪᠡ | ᠵᠢᠭᠠᠬᠠᠨ ᠬᠢᠴᠢᠶᠡᠬᠦ ᠥᠬᠡᠶ ᠪᠣᠯ ᠡᠲᠡᠭᠡᠷ ᠦᠢᠯᠡ ᠶᠠᠪᠤᠳᠠᠯ ᠨᠢ ᠬᠤᠪᠢ ᠬᠥᠮᠦᠨ ᠤ ᠮᠡᠳᠡᠭᠡ ᠵᠠᠩᠭᠢ ᠪᠠᠨ ᠳᠠᠮ ᠢᠶᠠᠷ | ᠵᠠᠳᠠᠷᠠᠭᠤᠯᠵᠤ ᠮᠡᠳᠡᠨ᠎ᠡ᠃ ᠬᠡᠷᠪᠡ ᠤᠨᠳᠤᠤ ᠰᠠᠨᠠᠭ᠎ᠠ ᠲᠠᠢ ᠬᠥᠮᠦᠨ ᠤᠯᠵᠤ ᠠᠪᠤᠪᠠᠯ ᠥᠪᠡᠷ ᠤᠨ ᠴᠢᠨᠢ ᠪᠠ ᠭᠡᠷ ᠤᠨ | ᠬᠥᠮᠦᠰ ᠤᠨ ᠴᠢᠨᠢ ᠡᠳ᠋ ᠬᠥᠷᠥᠩᠭᠡ ᠴᠢᠨᠠᠭᠰᠢᠯᠠᠪᠠᠯ ᠬᠤᠪᠢ ᠪᠡᠶ᠎ᠡ ᠶᠢᠨ ᠴᠢᠨᠢ ᠠᠮᠤᠷ ᠲᠦᠪᠰᠢᠨ ᠢ ᠰᠦᠷᠳᠡᠭᠦᠯᠵᠦ | ᠮᠡᠳᠡᠨ᠎ᠡ᠃ | ᠲᠡᠭᠡᠪᠡᠯ ᠶᠡᠮᠡᠷ ᠶᠠᠮᠠᠷ ᠭᠡᠷᠡᠯ ᠵᠢᠷᠤᠭ ᠢ ᠲᠠᠯᠪᠢᠬᠤ ᠶᠢ ᠵᠠᠪᠠᠯ ᠬᠢᠴᠢᠶᠡᠵᠦ᠂ ᠰᠦᠯᠵᠢᠶᠡᠨ ᠳᠡᠭᠡᠷ᠎ᠡ ᠶᠠᠭᠠᠬᠢᠬᠰᠠᠨ | ᠴᠤ ᠳᠤᠷ᠎ᠠ ᠪᠠᠷ ᠢᠶᠠᠨ ᠲᠠᠯᠪᠢᠵᠦ ᠪᠤᠯᠬᠤ ᠦᠭᠡᠢ ᠪᠤᠢ︖ · | ᠭᠠᠷ ᠲᠠᠭᠠᠨ ᠪᠡᠶ᠎ᠡ ᠶᠢᠨ ᠦᠨᠡᠮᠯᠡᠯ ᠪᠠᠷᠢᠬᠰᠠᠨ ᠪᠤᠶᠤ ᠭᠠᠷ ᠲᠠᠭᠠᠨ ᠴᠠᠭᠠᠨ ᠴᠠᠭᠠᠰᠤᠨ ᠲᠡᠭᠡᠷ᠎ᠡ ᠪᠠᠭᠤᠯᠭᠠᠬᠰᠠᠨ | ᠭᠡᠷᠡᠯ ᠵᠢᠷᠤᠭ ᠢ ᠲᠠᠯᠪᠢᠵᠦ ᠪᠤᠯᠬᠤ ᠦᠭᠡᠢ | ᠡᠲᠡᠭᠡᠷ ᠬᠡᠷᠡᠯ ᠵᠢᠷᠤᠭ ᠲᠤ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠣᠨ | ᠰᠠᠭᠤᠴᠠ ᠶᠢᠨ ᠬᠠᠶ᠋ᠢᠭ ᠵᠡᠷᠭᠡ ᠰᠡᠷᠭᠡᠭ ᠮᠡᠳᠡᠭᠡ ᠵᠠᠩᠭᠢ ᠪᠠᠶᠢᠳᠠᠭ᠂ ᠬᠡᠷᠪᠡ ᠵᠠᠳᠠᠷᠠᠬᠤ ᠳᠤ ᠬᠦᠷᠪᠡᠯ ᠬᠠᠤᠯᠢ ᠪᠤᠰᠤ | ᠡᠲᠡᠭᠡᠳ ᠡᠲᠡᠭᠡᠷ ᠮᠡᠳᠡᠭᠡ ᠵᠠᠩᠭᠢ ᠶᠢ ᠠᠰᠢᠭᠯᠠᠨ ᠪᠡᠶ᠎ᠡ ᠶᠢᠨ ᠬᠢᠷᠢ ᠬᠡᠮ ᠢ ᠴᠢᠨᠢ ᠬᠤᠯᠠᠭᠠᠶᠢᠯᠠᠨ ᠬᠡᠷᠡᠭᠯᠡᠵᠦ᠂ | ᠢᠲᠡᠭᠡᠮᠵᠢ ᠶᠢᠨ ᠺᠠᠷᠲ᠂ ᠵᠢᠭᠡᠯᠡᠯᠭᠡ ᠵᠡᠷᠭᠡ ᠮᠥᠩᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠢ ᠬᠦᠢᠴᠡᠳᠬᠡᠵᠦ᠂ | ᠴᠢᠨᠠᠭᠰᠢᠯᠠᠪᠠᠯ ᠬᠠᠤᠯᠢ ᠶᠢ ᠵᠥᠷᠢᠴᠡᠬᠦ ᠠᠵᠢᠯᠯᠠᠭ᠎ᠠ ᠬᠢᠵᠦ ᠮᠡᠳᠡᠨ᠎ᠡ᠃ ᠡᠭᠦᠨ ᠠᠴᠠ ᠭᠠᠳᠠᠨ᠎ᠠ᠂ ᠭᠠᠷ ᠲᠠᠭᠠᠨ ᠴᠠᠭᠠᠨ | ᠴᠠᠭᠠᠰᠤᠨ ᠲᠡᠭᠡᠷ᠎ᠡ ᠪᠠᠭᠤᠯᠭᠠᠬᠰᠠᠨ ᠭᠡᠷᠡᠯ ᠵᠢᠷᠤᠭ ᠪᠤᠶᠤ ᠰᠤᠨᠢᠨ ᠳᠤ ᠨᠡᠶᠢᠳᠡᠯᠡᠭᠰᠡᠨ ᠬᠡᠷᠡᠯ ᠵᠢᠷᠤᠭ ᠵᠡᠷᠭᠡ ᠶᠢ | ᠦᠷᠭᠦᠯᠵᠢ ᠪᠡᠶ᠎ᠡ ᠶᠢᠨ ᠬᠢᠷᠢ ᠬᠡᠮ ᠢ ᠰᠢᠯᠭᠠᠬᠤ ᠳᠤ ᠬᠡᠷᠡᠭᠯᠡᠳᠡᠭ᠂ ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ᠂ | ᠬᠠᠭᠤᠷᠮᠠᠭ ᠦᠨᠡᠮᠯᠡᠯ ᠦᠢᠯᠡᠳᠬᠦ ᠪᠤᠶᠤ ᠰᠦᠯᠵᠢᠶᠡᠨ ᠤ ᠮᠡᠬᠡᠯᠡᠯ ᠶᠠᠪᠤᠭᠤᠯᠬᠤ ᠳᠤ ᠬᠡᠷᠡᠭᠯᠡᠵᠦ ᠮᠡᠳᠡᠨ᠎ᠡ᠂ ᠢᠩᠭᠢᠪᠡᠯ | ᠬᠤᠪᠢ ᠬᠥᠮᠦᠨ ᠳᠤ ᠴᠢᠨᠢ ᠠᠵᠤ ᠠᠬᠤᠶ ᠶᠢᠨ ᠬᠤᠬᠢᠷᠠᠯ ᠪᠠ ᠨᠡᠷ᠎ᠡ ᠲᠥᠷᠥ ᠶᠢᠨ ᠬᠤᠬᠢᠷᠠᠯ ᠤᠴᠠᠷᠠᠭᠤᠯᠵᠤ ᠮᠡᠳᠡᠨ᠎ᠡ᠃ | · | ᠡᠯ᠎ᠡ ᠵᠦᠢᠯ ᠤᠨ ᠬᠡᠷᠡᠴᠢ ᠪᠠᠷᠢᠮᠲᠠ ᠶᠢᠨ ᠲᠥᠷᠥᠯ ᠤᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ | ᠮᠠᠰᠢ ᠤᠯᠠᠨ ᠬᠥᠮᠦᠨ ᠠᠵᠢᠯ ᠢᠶᠠᠷ ᠭᠠᠳᠠᠭᠰᠢ ᠭᠠᠷᠬᠤ᠂ ᠵᠢᠭᠤᠯᠴᠢᠯᠠᠬᠤ ᠳᠠᠭᠠᠨ ᠪᠦᠷ ᠭᠠᠯᠲᠤ ᠲᠡᠷᠭᠡᠨ ᠤ | ᠪᠢᠯᠧᠲ ᠪᠤᠶᠤ ᠨᠢᠰᠬᠡᠯ ᠳᠤ ᠰᠠᠭᠤᠬᠤ ᠫᠠᠶᠢᠰᠠ ᠪᠠᠨ ᠰᠡᠭᠦᠳᠡᠷᠯᠡᠵᠦ᠂ ᠥᠪᠡᠷ ᠤᠨ ᠨᠠᠶᠢᠵᠠ ᠶᠢᠨ ᠲᠣᠭᠤᠷᠢᠭ ᠲᠠᠭᠠᠨ | ᠲᠠᠯᠪᠢᠵᠦ ᠬᠤᠪᠢᠶᠠᠯᠴᠠᠬᠤ ᠲᠤᠷᠠᠳᠠᠢ ᠪᠠᠶᠢᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠬᠦᠯᠳᠡᠬᠦ | ᠭᠠᠵᠠᠷ᠂ ᠬᠦᠷᠬᠦ ᠭᠠᠵᠠᠷ ᠵᠡᠷᠭᠡ ᠮᠡᠳᠡᠭᠡ ᠵᠠᠩᠭᠢ ᠪᠠᠶᠢᠳᠠᠭ ᠢᠶᠠᠷ ᠪᠠᠷᠠᠬᠤ ᠦᠭᠡᠶ᠂ ᠪᠠᠰᠠ ᠵᠢᠷᠤᠭᠠᠰᠤᠨ ᠲᠡᠮᠳᠡᠭ ᠪᠤᠶᠤ | ᠬᠤᠶᠠᠷ ᠬᠡᠮᠵᠢᠯᠳᠦ ᠺᠤᠳ᠋ ᠲᠡᠭᠡᠷ᠎ᠡ ᠨᠢ ᠠᠶᠠᠨᠴᠢᠳ ᠬᠤᠪᠢ ᠬᠥᠮᠦᠨ ᠤ ᠮᠡᠳᠡᠭᠡ ᠵᠠᠩᠭᠢ ᠪᠠᠶᠢᠳᠠᠭ ᠠᠴᠠ ᠬᠠᠤᠯᠢ ᠪᠤᠰᠤ | ᠡᠲᠡᠭᠡᠳ ᠲᠤ ᠲᠠᠶᠢᠯᠤᠭᠳᠠᠬᠤ ᠪᠤᠶᠤ ᠪᠥᠭᠡᠳ ᠬᠤᠯᠠᠭᠠᠶᠢᠯᠠᠭᠳᠠᠬᠤ ᠪᠣᠯᠤᠯᠴᠠᠭ᠎ᠠ ᠲᠠᠢ ᠪᠠᠶᠢᠳᠠᠭ᠃ · | ᠭᠡᠷ ᠤᠨ ᠲᠦᠯᠬᠢᠭᠦᠷ᠂ ᠲᠡᠷᠭᠡᠨ ᠫᠠᠶᠢᠰᠠ ᠵᠡᠷᠭᠡ ᠶᠢᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ | ᠬᠠᠤᠯᠢ ᠪᠤᠰᠤ ᠡᠲᠡᠭᠡᠳ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠪᠠ ᠡᠳᠡᠭᠡᠷ ᠭᠡᠷᠡᠯ ᠵᠢᠷᠤᠭ ᠢᠶᠠᠷ | ᠲᠠᠮᠵᠢᠭᠤᠯᠤᠨ ᠨᠡᠶᠢᠳᠡᠯᠡᠭᠴᠢ ᠶᠢᠨ ᠤᠨᠴᠠᠭᠠᠢ ᠴᠠᠭ ᠬᠤᠭᠤᠴᠠᠭᠠᠨ ᠳᠠᠬᠢ ᠪᠠᠶᠢᠭ᠎ᠠ ᠣᠨᠴᠠ ᠲᠣᠭᠲᠠᠭᠰᠠᠨ ᠣᠷᠣᠨ | ᠪᠠᠶᠢᠷᠢ ᠶᠢ ᠵᠠᠳᠠᠯᠤᠨ ᠭᠠᠷᠭᠠᠬᠤ ᠪᠦᠭᠡᠳ ᠪᠠᠰᠠ ᠨᠡᠶᠢᠲᠡᠯᠡᠭᠴᠢ ᠶᠢᠨ ᠬᠤᠯᠪᠣᠭᠳᠠᠯ ᠪᠥᠬᠦᠶ ᠠᠮᠢᠳᠤᠷᠠᠯ ᠤᠨ ᠳᠠᠳᠬᠠᠯ ᠢ | ᠣᠯᠵᠤ ᠪᠣᠯᠤᠨ᠎ᠠ᠃ ᠡᠶᠢᠮᠦ ᠠᠴᠠ ᠬᠠᠮᠤᠭ ᠰᠠᠶᠢᠨ ᠠᠷᠭ᠎ᠠ ᠪᠣᠯ ᠭᠡᠷᠡᠯ ᠵᠢᠷᠤᠭ ᠤᠨ ᠲᠤᠳᠤᠷ᠎ᠠ ᠪᠠᠨ ᠵᠢᠱᠢᠶᠡᠯᠡᠪᠡᠯ | ᠭᠡᠷ ᠤᠨ ᠲᠦᠯᠬᠢᠭᠦᠷ᠂ ᠲᠡᠷᠭᠡᠨ ᠫᠠᠶᠢᠰᠠ ᠶᠢᠨ ᠨᠣᠮᠧᠷ ᠵᠡᠷᠭᠡ ᠣᠨᠴᠠᠯᠢᠭ ᠢᠶᠠᠷ ᠢᠯᠡᠷᠬᠡᠶ ᠶᠠᠭᠤᠮᠠᠰ ᠢ ᠪᠢᠲᠡᠭᠡᠶ | ᠤᠷᠤᠭᠤᠯᠤᠭᠠᠷᠠᠢ᠃ |