ᠰᠤᠷᠪᠤᠯᠵᠢᠯᠠᠭᠴᠢ 22 ᠤᠨ ᠡᠳᠦᠷ ᠣᠶᠢᠯᠠᠭᠠᠭᠰᠠᠨ ᠢᠶᠠᠷ᠂ ᠡᠨᠡ ᠵᠢᠯ ᠤᠨ ᠲᠡᠭᠡᠳᠦ ᠬᠠᠭᠠᠰ ᠵᠢᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠨᠢ ᠬᠤᠭᠤᠯᠠ ᠵᠠᠬᠢᠶᠠᠯᠠᠬᠤ ᠶᠢ ᠬᠦᠳᠦᠯᠦᠨ | ᠵᠢᠯᠤᠭᠤᠳᠬᠤ᠂ ᠵᠤᠭᠤᠰᠤᠨ ᠤ ᠲᠤᠭ᠎ᠠ ᠳᠤ ᠬᠦᠷᠭᠡᠪᠡᠯ ᠬᠠᠰᠤᠬᠤ ᠵᠤᠭᠤᠰᠤᠨ ᠤ ᠲᠤᠭ᠎ᠠ ᠶᠢ ᠬᠦᠢᠴᠡᠭᠡᠬᠦ᠂ | ᠬᠡᠲᠦᠷᠡᠲᠡᠯ᠎ᠡ ᠬᠠᠩᠭᠠᠬᠤ ᠵᠡᠷᠭᠡ ᠵᠠᠬᠢᠶᠠᠯᠠᠭ᠎ᠠ ᠶᠢᠨ ᠬᠤᠭᠤᠯᠠ ᠤᠮᠳᠠ ᠶᠢ ᠪᠦᠷᠢᠯᠭᠡᠨ ᠰᠦᠢᠳᠬᠡᠬᠦ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠵᠤ᠂ | ᠪᠠᠷᠢᠮᠵᠢᠶ᠎ᠠ ᠵᠢᠷᠤᠮᠵᠢᠯ ᠢ ᠪᠦᠷᠢᠨᠰᠢᠭᠦᠯᠵᠦ᠂ ᠰᠦᠯᠵᠢᠶᠡᠨ ᠤ ᠢᠳᠡᠭᠡᠨ ᠤᠮᠳᠠᠭᠠᠨ ᠤ ᠲᠠᠪᠴᠠᠩ᠂ ᠵᠠᠬᠢᠶᠠᠯᠠᠭ᠎ᠠ ᠶᠢᠨ | ᠬᠤᠭᠤᠯᠠᠨ ᠤ ᠬᠤᠳᠠᠯᠳᠤᠭᠠᠴᠢᠨ ᠤ ᠵᠣᠬᠢᠬᠤ ᠬᠡᠮᠵᠢᠶᠡᠨ ᠤ ᠬᠤᠭᠤᠯᠠ ᠵᠠᠬᠢᠶᠠᠯᠠᠬᠤ ᠲᠤᠬᠠᠢ ᠰᠠᠨᠠᠭᠤᠯᠤᠮᠵᠢ ᠶᠢ | ᠵᠢᠷᠤᠮᠵᠢᠭᠤᠯᠬᠤ᠂ ᠡᠬᠢᠯᠡᠵᠦ ᠬᠦᠷᠭᠡᠬᠦ ᠦᠨ᠎ᠡ ᠬᠠᠩᠰᠢ ᠶᠢ ᠵᠣᠬᠢᠰᠲᠠᠶ ᠲᠣᠬᠢᠷᠠᠭᠤᠯᠬᠤ᠂ ᠢᠳᠡᠭᠡᠨ ᠤᠮᠳᠠᠭᠠᠨ ᠤ | ᠬᠡᠮᠵᠢᠶ᠎ᠡ ᠶᠢ ᠰᠢᠯᠢᠳᠡᠭᠵᠢᠬᠦᠯᠬᠦ ᠵᠡᠷᠭᠡ ᠢᠳᠡᠭᠡᠨ ᠤᠮᠳᠠᠭᠠᠨ ᠢ ᠭᠠᠳᠠᠭᠰᠢ ᠪᠣᠷᠣᠯᠠᠭᠤᠯᠬᠤ ᠠᠵᠢᠯᠯᠠᠭ᠎ᠠ ᠶᠢ ᠰᠢᠪᠠᠳᠠᠨ | ᠱᠠᠭᠠᠷᠳᠠᠪᠠ᠂ ᠤᠳᠤᠬᠠᠨ ᠪᠣᠯᠲᠠᠯ᠎ᠠ᠄ ᠨᠡᠶᠢᠳᠡ 85.5 ᠲᠦᠮᠡᠨ ᠲᠠᠪᠴᠠᠩ ᠤᠨ ᠠᠵᠤ ᠠᠬᠤᠶᠢᠯᠠᠯ ᠪᠤᠯᠤᠨ | ᠵᠠᠬᠢᠶᠠᠯᠠᠭ᠎ᠠ ᠶᠢᠨ ᠬᠤᠭᠤᠯᠠ ᠶᠢᠨ ᠬᠤᠳᠠᠯᠳᠤᠭᠠᠴᠢᠨ ᠳᠤ ᠬᠢᠨᠠᠯᠲᠠ ᠲᠠᠯᠪᠢᠵᠤ ᠪᠠᠶᠢᠴᠠᠭᠠᠵᠦ᠂ 2591 ᠬᠤᠪᠢ | ᠬᠡᠷᠡᠭ ᠢ ᠵᠠᠷᠯᠢᠭᠳᠠᠨ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠡᠷᠡᠮᠵᠢᠯᠡᠭᠦᠯᠵᠦ᠂ 6 . 9 ᠲᠦᠮᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠦ᠂ 145 ᠬᠤᠪᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ 21 ᠵᠦᠢᠯ ᠤᠨ | ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠬᠰᠠᠨ ᠪᠤᠶᠤ ᠵᠠᠰᠠᠪᠤᠷᠢ ᠣᠷᠣᠭᠤᠯᠵᠦ᠂ 94.8 ᠲᠦᠮᠡᠨ ᠬᠥᠮᠦᠨ ᠤᠳᠠᠭ᠎ᠠ | ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠵᠤ᠂ ᠵᠠᠬᠢᠶᠠᠯᠠᠭ᠎ᠠ ᠶᠢᠨ ᠬᠤᠭᠤᠯᠠᠨ ᠤ ᠬᠤᠳᠠᠯᠳᠤᠭᠠᠴᠢᠨ ᠪᠠ ᠢᠳᠡᠭᠡᠨ | ᠤᠮᠳᠠᠭᠠᠨ ᠤ ᠦᠢᠯᠡᠴᠢᠯᠡᠭᠡᠨ ᠤ ᠠᠵᠢᠯᠯᠠᠭᠴᠢ ᠶᠢ 108.1 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠠᠢ᠃ | ᠲᠣᠮᠣ ᠬᠡᠯᠪᠡᠷᠢ ᠶᠢᠨ ᠢᠳᠡᠭᠡᠨ ᠤᠮᠳᠠᠭᠠᠨ ᠵᠠᠬᠢᠶᠠᠯᠠᠭ᠎ᠠ ᠶᠢᠨ ᠲᠠᠪᠴᠠᠩ ᠤᠨ ︽ᠨᠢᠭᠡ ᠬᠥᠮᠦᠨ ᠤ ᠬᠤᠭᠤᠯᠠ︾᠂ ︽ | ᠪᠠᠭ᠎ᠠ ᠬᠤᠪᠢ ᠬᠤᠭᠤᠯᠠ︾ ᠶᠢᠨ ᠲᠤᠰᠬᠠᠶ ᠣᠷᠣᠴᠠ ᠬᠠᠩᠭᠠᠬᠤ ᠶᠢ ᠵᠢᠯᠣᠭᠤᠳᠤᠨ ᠠᠬᠢᠭᠤᠯᠵᠤ᠂ ᠵᠠᠬᠢᠶᠠᠯᠠᠭ᠎ᠠ ᠶᠢᠨ | ︽ᠨᠡᠭᠦᠷᠡᠰᠦᠲᠥ᠋ᠷᠥᠭᠴᠢ︾ ᠶᠢᠨ ᠬᠤᠷᠠᠮᠳᠤᠯ ᠬᠤᠪᠢ ᠭᠠᠷᠭᠠᠬᠰᠠᠨ ᠠᠴᠠ ᠡᠨᠡ ᠵᠢᠯ ᠠᠴᠠ ᠨᠠᠭᠠᠰᠢ ︽ᠪᠠᠭ᠎ᠠ ᠬᠤᠪᠢ | ᠬᠤᠭᠤᠯᠠ︾ ᠶᠢᠨ ᠵᠠᠬᠢᠶᠠᠯᠠᠭ᠎ᠠ ᠨᠢᠭᠡᠨᠲᠡ 60 ᠳ᠋ᠦᠩᠰᠢᠭᠤᠷ ᠲᠥᠭᠦᠷᠢᠭ ᠢ ᠳᠠᠪᠠᠵᠠᠢ᠃ |