1. ︽ᠰᠡᠷᠭᠡᠶᠢᠯᠡᠬᠦ ᠪᠠᠷ ᠭᠤᠣᠯ ᠪᠣᠯᠭᠠᠬᠤ︾ ᠴᠢᠭᠯᠡᠯᠲᠡ ᠶᠢ ᠪᠠᠷᠢᠮᠲᠠᠯᠠᠬᠤ ᠬᠡᠷᠡᠭᠲᠡᠢ ᠬᠢᠵᠢᠭᠲᠦ ᠣᠷᠣᠨ ᠪᠤᠶᠤ | ᠡᠪᠡᠳᠴᠢᠨ ᠤ ᠲᠡᠦᠬᠡ ᠲᠠᠢ ᠣᠷᠣᠨ ᠠᠴᠠ ᠡᠭᠦᠯᠳᠡᠷ ᠣᠷᠣᠭᠤᠯᠬᠤ ᠪᠠ ᠬᠤᠨᠢ ᠬᠤᠳᠠᠯᠳᠤᠨ ᠣᠷᠣᠭᠤᠯᠵᠤ | ᠪᠤᠶᠢᠵᠢᠭᠤᠯᠬᠤ ᠶᠢ ᠴᠠᠭᠠᠵᠠᠯᠠᠵᠤ᠂ ᠠᠷᠭ᠎ᠠ ᠴᠢᠨᠠᠷ ᠲᠠᠢ ᠪᠣᠳᠠᠭᠠᠯᠢ ᠪᠡᠶ᠎ᠡ ᠶᠢᠨ ᠲᠡᠵᠢᠭᠡᠨ ᠦᠷᠡᠵᠢᠭᠦᠯᠬᠦ ᠣᠷᠣᠨ ᠳᠤ | ᠣᠷᠣᠬᠤ ᠶᠢ ᠬᠤᠷᠢᠭᠯᠠᠬᠤ ᠬᠡᠷᠡᠭᠲᠡᠢ᠃ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠪᠠ ᠵᠠᠰᠠᠮᠠᠯ ᠵᠠᠮ ᠤᠨ | ᠲᠡᠭᠡᠭᠡᠪᠦᠷᠢ ᠶᠢᠨ ᠬᠢᠵᠢᠭ ᠤᠨ ᠪᠠᠶᠢᠴᠠᠭᠠᠯᠲᠠ ᠶᠢ ᠴᠢᠩᠭᠠᠷᠠᠭᠤᠯᠵᠤ᠂ ᠬᠢᠵᠢᠭ ᠢ ᠰᠡᠷᠭᠡᠶᠢᠯᠡᠬᠦ ᠪᠠ ᠬᠢᠵᠢᠭ ᠢ | ᠪᠠᠶᠢᠴᠠᠭᠠᠬᠤ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠬᠡᠷᠡᠭᠲᠡᠢ᠃ | 2. ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠲᠠᠷᠢᠬᠤ ᠬᠡᠷᠡᠭᠲᠡᠢ ᠪᠷᠦ᠋ᠼᠧᠯ ᠡᠪᠡᠳᠴᠢᠨ ᠤ ᠬᠠᠮᠢᠶ᠎ᠠ ᠪᠦᠬᠦᠢ | ᠸᠠᠺᠼᠢᠨ ᠢᠶᠠᠷ ᠦᠯᠦ ᠬᠠᠯᠳᠠᠭᠠᠬᠤ ᠲᠠᠷᠢᠯᠭ᠎ᠠ ᠬᠢᠨ᠎ᠡ᠂ ᠵᠢᠱᠢᠶᠡᠯᠡᠪᠡᠯ ᠪᠷᠦ᠋ᠼᠧᠯ ᠡᠪᠡᠳᠴᠢᠨ ᠤ ᠠᠮᠢᠳᠤ ᠸᠠᠺᠼᠢᠨ ︵ | Ⅰ︶ ᠪᠤᠶᠤ ︵Ⅱ︶᠃ ᠡᠳᠡᠭᠡᠷ ᠸᠠᠺᠼᠢᠨ ᠢ ᠬᠤᠨᠢᠨ ᠤ ᠪᠷᠦ᠋ᠼᠧᠯ ᠡᠪᠡᠳᠴᠢᠨ ᠢ ᠰᠡᠷᠭᠡᠶᠢᠯᠡᠬᠦ ᠳᠤ ᠬᠡᠷᠡᠭᠯᠡᠵᠦ | ᠪᠣᠯᠬᠤ ᠪᠥᠭᠡᠳ ᠨᠡᠯᠢᠶᠡᠳ ᠤᠷᠲᠤ ᠬᠤᠭᠤᠴᠠᠭᠠᠨ ᠤ ᠡᠭᠡᠯᠢᠯᠡᠭᠡ ᠶᠢᠨ ᠦᠷᠭᠦᠯᠵᠢᠯᠡᠬᠦ ᠬᠤᠭᠤᠴᠠᠭ᠎ᠠ ᠲᠠᠢ ᠪᠠᠶᠢᠳᠠᠭ᠃ | ᠲᠠᠷᠢᠯᠭ᠎ᠠ ᠶᠢᠨ ᠬᠤᠭᠤᠴᠠᠭ᠎ᠠ ᠶᠢ ᠶᠡᠷᠦ ᠳᠡᠭᠡᠨ ᠬᠡᠭᠡᠯᠲᠦᠭᠦᠯᠬᠦ ᠠᠴᠠ ᠡᠮᠦᠨ᠎ᠡ 1~2 ᠰᠠᠷ᠎ᠠ ᠳᠤ ᠬᠢᠵᠦ᠂ ᠬᠡᠭᠡᠯ ᠲᠠᠢ | ᠬᠤᠭᠤᠴᠠᠭᠠᠨ ᠳᠠᠬᠢ ᠡᠬᠡ ᠮᠠᠯ ᠪᠠ ᠦᠷ᠎ᠡ ᠶᠢᠨ ᠮᠠᠯ ᠳᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠦᠭᠡᠢ᠃ | ᠸᠠᠺᠼᠢᠨ ᠢ ᠵᠣᠬᠢᠬᠤ ᠬᠡᠮᠵᠢᠶᠡᠨ ᠤ ᠳᠤᠯᠠᠭᠠᠨ ᠤ ᠬᠡᠮᠵᠢᠶ᠎ᠡ ︵ᠵᠢᠱᠢᠶᠡᠯᠡᠪᠡᠯ 0~8℃︶ ᠳᠣᠣᠷ᠎ᠠ ᠬᠠᠳᠠᠭᠠᠯᠠᠵᠤ᠂ | ᠬᠦᠴᠦᠨ ᠲᠠᠢ ᠬᠤᠭᠤᠴᠠᠭᠠᠨ ᠳᠤ ᠬᠡᠷᠡᠭᠯᠡᠬᠦ ᠶᠢ ᠪᠠᠲᠤᠯᠠᠨ᠎ᠠ᠃ | 3. ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠬᠤᠨᠢᠨ ᠤ ᠰᠠᠷᠠᠪᠴᠢ ᠶᠢᠨ ᠠᠷᠢᠭᠤᠨ | ᠴᠡᠪᠡᠷ᠂ ᠬᠠᠭᠤᠷᠠᠢ᠂ ᠪᠠᠺᠲ᠋ᠧᠷᠢ ᠦᠭᠡᠢ ᠪᠠᠶᠢᠬᠤ ᠵᠢᠴᠢ ᠰᠠᠶᠢᠨ ᠭᠡᠷᠡᠯ ᠲᠤᠰᠬᠤ ᠪᠠ ᠰᠠᠯᠬᠢ ᠨᠡᠪᠲᠡᠷᠡᠬᠦ ᠨᠥᠬᠦᠴᠡᠯ ᠢ | ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠠᠪᠤᠭᠤᠯᠵᠤ᠂ ᠡᠪᠡᠰᠦ | ᠪᠣᠷᠳᠤᠭ᠎ᠠ ᠶᠢᠨ ᠰᠢᠮ᠎ᠡ ᠲᠡᠵᠢᠭᠡᠯ ᠡᠯᠪᠡᠭ ᠪᠥᠭᠡᠳ ᠪᠥᠬᠦ ᠦᠨ᠎ᠡ ᠶᠢ ᠪᠠᠲᠤᠯᠠᠵᠤ᠂ ᠤᠰᠤ ᠤᠮᠳᠠ ᠶᠢᠨ ᠴᠡᠪᠡᠷ | ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠬᠤᠨᠢᠨ ᠰᠦᠷᠦᠭ ᠤᠨ ᠡᠪᠡᠳᠴᠢᠨ ᠢ ᠡᠰᠡᠷᠭᠦᠴᠡᠬᠦ ᠪᠦᠬᠦᠯᠢ | ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 4. ᠬᠤᠴᠠ ᠳᠠᠭᠠᠭᠤᠯᠬᠤ ᠠᠴᠠ ᠡᠮᠦᠨᠡᠬᠢ ᠪᠠᠶᠢᠴᠠᠭᠠᠯᠲᠠ ᠶᠢ ᠴᠢᠬᠤᠯᠠᠴᠢᠯᠠᠬᠤ ᠬᠡᠷᠡᠭᠲᠡᠢ ᠪᠷᠦ᠋ᠼᠧᠯ | ᠡᠪᠡᠳᠴᠢᠨ ᠤ ᠠᠷᠭ᠎ᠠ ᠴᠢᠨᠠᠷᠲᠠᠢ ᠪᠣᠳᠠᠭᠠᠯᠢ ᠪᠡᠶ᠎ᠡ ᠶᠢ ᠡᠬᠢᠨ ᠤ ᠬᠤᠭᠤᠴᠠᠭᠠᠨ ᠳᠤ ᠰᠢᠯᠢᠵᠦ ᠲᠠᠶᠠᠭᠳᠠᠨ᠂ | ᠪᠠᠺᠲ᠋ᠧᠷᠢ ᠲᠠᠢ ᠪᠣᠳᠠᠭᠠᠯᠢ ᠪᠡᠶ᠎ᠡ ᠶᠢᠨ ᠬᠤᠭᠤᠷᠣᠨᠳᠤ ᠪᠠᠨ ᠬᠡᠭᠡᠯᠲᠦᠭᠦᠯᠦᠨ ᠦᠷᠡᠵᠢᠭᠦᠯᠦᠨ ᠪᠤᠶᠢᠵᠢᠭᠤᠯᠬᠤ ᠶᠢ | ᠴᠢᠩᠭ᠎ᠠ ᠰᠡᠷᠭᠡᠶᠢᠯᠡᠵᠦ᠂ ᠡᠭᠴᠡ ᠪᠠᠷ ᠲᠠᠷᠬᠠᠬᠤ ᠵᠠᠮ ᠢ ᠲᠠᠰᠤᠯᠤᠨ᠎ᠠ᠃ | 5. ︽ᠥᠪᠡᠷ ᠢᠶᠠᠨ ᠦᠷᠡᠵᠢᠭᠦᠯᠵᠦ ᠥᠪᠡᠷ ᠢᠶᠠᠨ ᠲᠡᠵᠢᠭᠡᠬᠦ︾ ᠶᠢ ᠠᠯᠢ ᠴᠢᠳᠠᠬᠤ ᠪᠠᠷ ᠪᠠᠷᠢᠮᠲᠠᠯᠠᠬᠤ ᠬᠡᠷᠡᠭᠲᠡᠢ | ᠭᠠᠳᠠᠨ᠎ᠠ ᠠᠴᠠ ᠬᠤᠳᠠᠯᠳᠤᠨ ᠠᠪᠤᠭᠰᠠᠨ ᠬᠤᠨᠢᠨ ᠤ ᠪᠷᠦ᠋ᠼᠧᠯ ᠡᠪᠡᠳᠴᠢᠨ ᠲᠠᠭᠠᠭᠤᠯᠵᠦ ᠠᠪᠴᠢᠷᠠᠬᠤ | ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ ᠬᠡᠷᠪᠡ ᠭᠠᠳᠠᠭᠠᠳᠤ ᠠᠴᠠ ᠡᠭᠦᠯᠳᠡᠷ ᠣᠷᠣᠭᠤᠯᠬᠤ ᠴᠢᠬᠤᠯᠠ ᠲᠠᠢ ᠪᠣᠯ᠂ | ᠡᠭᠦᠯᠳᠡᠷ ᠣᠷᠣᠭᠤᠯᠤᠭᠰᠠᠨ ᠤ ᠳᠠᠷᠠᠭ᠎ᠠ 30 ᠡᠳᠦᠷ ᠠᠴᠠ ᠳᠡᠭᠡᠭᠰᠢ ᠲᠤᠰᠠᠭᠠᠷᠯᠠᠨ ᠠᠵᠢᠭᠯᠠᠬᠤ ᠶᠢᠨ ᠬᠠᠮᠲᠤ | ᠲᠤᠰᠬᠠᠢ ᠲᠤᠷᠰᠢᠯᠲᠠ ᠶᠢᠨ ᠲᠠᠰᠤᠭ ᠢᠶᠠᠷ ᠳᠡᠮᠵᠢᠨ ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠤ | ᠪᠠᠺᠲ᠋ᠧᠷᠢ ᠶᠢᠨ ᠰᠤᠳᠤᠯᠤᠯ ᠤᠨ ᠪᠠᠶᠢᠴᠠᠭᠠᠯᠲᠠ ︵ᠴᠢᠰᠤᠨ ᠲᠤᠩᠭᠠᠯᠠᠭ ᠤᠨ ᠰᠤᠳᠤᠯᠤᠯ ᠤᠨ ᠪᠠᠶᠢᠴᠠᠭᠠᠯᠲᠠ︶ ᠬᠢᠵᠦ | ᠂ ᠡᠷᠡᠭᠦᠯ ᠮᠡᠨᠳᠦ ᠨᠢ ᠠᠶᠤᠯ ᠲᠦᠭᠰᠢᠭᠦᠷᠢ ᠦᠭᠡᠢ ᠪᠠᠶᠢᠬᠤ ᠶᠢ ᠲᠣᠳᠣᠯᠠᠭᠰᠠᠨ ᠤ ᠳᠠᠷᠠᠭ᠎ᠠ ᠰᠠᠶ᠋ᠢ ᠰᠦᠷᠦᠭᠯᠡᠨ | ᠲᠡᠵᠢᠭᠡᠵᠦ ᠪᠣᠯᠣᠨ᠎ᠠ᠃ | 6. ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ ᠪᠠ ᠬᠢᠵᠢᠭ ᠪᠠᠶᠢᠴᠠᠭᠠᠬᠤ ᠬᠡᠷᠡᠭᠲᠡᠢ ᠲᠣᠭᠲᠠᠭᠰᠠᠨ | ᠬᠤᠭᠤᠴᠠᠭ᠎ᠠ ᠲᠠᠢ ᠪᠠᠷ ᠬᠤᠨᠢᠨ ᠤ ᠰᠠᠷᠠᠪᠴᠢ᠂ ᠪᠠᠭᠠᠵᠢ ᠬᠡᠷᠡᠭᠰᠡᠯ ᠵᠢᠴᠢ ᠣᠷᠴᠢᠨ ᠲᠣᠭᠤᠷᠢᠨ ᠢ ᠠᠷᠢᠭᠤᠳᠬᠠᠨ | ᠰᠢᠢᠳᠪᠦᠷᠢᠯᠡᠵᠦ᠂ ᠣᠷᠣᠰᠢᠵᠤ ᠮᠡᠳᠡᠬᠦ ᠪᠷᠦ᠋ᠼᠧᠯ ᠪᠠᠺᠲ᠋ᠧᠷᠢ ᠶᠢ ᠤᠰᠠᠳᠬᠠᠨ᠎ᠠ᠃ ᠬᠤᠨᠢᠨ ᠰᠦᠷᠦᠭ ᠲᠤ | ᠲᠣᠭᠲᠠᠭᠰᠠᠨ ᠬᠤᠭᠤᠴᠠᠭ᠎ᠠ ᠲᠠᠢ ᠪᠠᠷ ᠬᠢᠵᠢᠭ ᠤᠨ ᠪᠠᠶᠢᠴᠠᠭᠠᠯᠲᠠ ᠬᠢᠵᠦ᠂ ᠠᠷᠭ᠎ᠠ ᠴᠢᠨᠠᠷᠲᠠᠢ ᠪᠣᠳᠠᠭᠠᠯᠢ ᠪᠡᠶ᠎ᠡ ᠶᠢ | ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ | 7. ᠬᠥᠮᠥᠨ ᠤ ᠬᠠᠮᠠᠭᠠᠯᠠᠯᠲᠠ ᠲᠡᠵᠢᠭᠡᠨ ᠠᠷᠠᠴᠢᠯᠠᠭᠴᠢ ᠪᠠ ᠬᠠᠮᠢᠶᠠᠷᠤᠯᠲᠠ ᠶᠢᠨ ᠠᠵᠢᠯᠲᠠᠨ ᠬᠤᠪᠢ ᠬᠥᠮᠥᠨ ᠤ | ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠂ ᠵᠢᠱᠢᠶᠡᠯᠡᠪᠡᠯ ᠬᠠᠮᠠᠭᠠᠯᠠᠯᠲᠠ ᠶᠢᠨ ᠬᠤᠪᠴᠠᠰᠤ᠂ ᠪᠡᠭᠡᠯᠡᠢ | ᠵᠡᠷᠭᠡ ᠶᠢ ᠡᠮᠦᠰᠴᠦ᠂ ᠬᠦᠷᠦᠯᠴᠡᠵᠦ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ ᠸᠠᠺᠼᠢᠨ ᠢ ᠦᠢᠯᠡᠳᠬᠦ ᠪᠠ | ᠬᠡᠷᠡᠭᠯᠡᠬᠦ ᠶᠠᠪᠤᠴᠠ ᠳᠤ᠂ ᠠᠵᠢᠯᠲᠠᠳ ᠪᠠᠰᠠ ᠠᠷᠢᠭᠤᠳᠬᠠᠬᠤ ᠪᠠ ᠰᠡᠷᠭᠡᠶᠢᠯᠡᠬᠦ ᠶᠢ ᠠᠩᠬᠠᠷᠴᠤ᠂ ᠬᠠᠯᠳᠠᠪᠤᠷᠢᠯᠠᠯ | ᠡᠭᠦᠰᠬᠦ ᠪᠤᠶᠤ ᠬᠠᠷᠰᠢᠮᠠᠲᠠᠭᠠᠢ ᠤᠷᠪᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠳᠡᠭᠡᠷᠡᠬᠢ ᠶᠢ ᠬᠤᠷᠢᠶᠠᠩᠭᠤᠶᠢᠯᠠᠪᠠᠯ᠂ | ᠳᠡᠭᠡᠷᠡᠬᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠡᠮᠵᠢᠨ᠂ ᠠᠯᠠᠰᠢᠨ ᠬᠤᠨᠢᠨ ᠤ | ᠪᠷᠦ᠋ᠼᠧᠯ ᠡᠪᠡᠳᠴᠢᠨ ᠤ ᠡᠭᠦᠰᠬᠦ ᠪᠠ ᠲᠠᠷᠬᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠵᠤ ᠪᠣᠯᠣᠨ᠎ᠠ | ᠃ |