ᠨᠠᠮᠤᠷ ᠤᠨ ᠤᠯᠠᠷᠢᠯ ᠪᠣᠯ ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠥᠷᠲᠡᠭ ᠢᠶᠠᠷ ᠬᠠᠮᠤᠭ ᠤᠨ ᠥᠨᠳᠥᠷ | ᠴᠠᠭ ᠦᠶ᠎ᠡ ᠪᠥᠭᠡᠳ ᠬᠤᠨᠢᠨ ᠤ ᠢᠳᠡᠭᠡᠨ ᠤ ᠳᠤᠷᠠᠰᠢᠯ ᠨᠢ ᠴᠦ ᠨᠡᠯᠢᠶᠡᠳ ᠰᠠᠶᠢᠨ᠂ ᠢᠳᠡᠰᠢᠯᠡᠬᠦ ᠬᠡᠮᠵᠢᠶ᠎ᠡ ᠨᠢ | ᠨᠡᠯᠢᠶᠡᠳ ᠶᠡᠭᠡ ᠪᠠᠶᠢᠵᠤ᠂ ᠲᠠᠷᠭᠤ ᠠᠪᠬᠤ ᠣᠷᠭᠢᠯ ᠦᠶ᠎ᠡ ᠪᠣᠯᠣᠨ᠎ᠠ᠃ | 1. ᠨᠠᠮᠤᠷ ᠤᠨ ᠤᠯᠠᠷᠢᠯ ᠤᠨ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠬᠦ ᠦᠶ᠎ᠡ ᠳᠤ ᠪᠡᠯᠴᠢᠭᠡᠷᠯᠡᠭᠦᠯᠬᠦ ᠳᠡᠭᠡᠨ | ᠵᠤᠨ ᠤ ᠤᠯᠠᠷᠢᠯ ᠤᠨ ᠥᠨᠳᠥᠷ ᠭᠠᠵᠠᠷ ᠤᠨ ᠪᠡᠯᠴᠢᠭᠡᠷ ᠢ ᠠᠭᠠᠵᠢᠮ ᠢᠶᠠᠷ ᠳᠣᠣᠷ᠎ᠠ ᠭᠠᠵᠠᠷ ᠲᠡᠶᠢᠰᠢ ᠰᠢᠯᠵᠢᠭᠦᠯᠦᠨ᠎ᠡ᠃ | ᠡᠪᠡᠰᠦ ᠪᠡᠯᠴᠢᠭᠡᠷ ᠡᠯᠪᠡᠭ ᠠᠭᠤᠯᠠᠨ ᠪᠠᠯ ᠪᠠ ᠠᠭᠤᠯᠠᠨ ᠬᠤᠷᠮᠣᠢ ᠶᠢ ᠰᠣᠩᠭᠤᠵᠤ ᠪᠡᠯᠴᠢᠭᠡᠷᠯᠡᠭᠦᠯᠵᠦ ᠪᠣᠯᠣᠨ᠎ᠠ᠂ | ᠪᠠᠰᠠ ᠡᠪᠡᠰᠦ ᠨᠢ ᠥᠨᠳᠥᠷ᠂ ᠡᠪᠡᠰᠦ ᠨᠢ ᠨᠢᠭᠲᠠ ᠭᠤᠤ ᠵᠢᠯᠠᠭ᠎ᠠ᠂ ᠨᠠᠭᠤᠷ ᠴᠥᠭᠦᠷᠥᠮ ᠤᠨ ᠣᠶᠢᠷᠠᠯᠴᠠᠭ᠎ᠠ ᠪᠤᠶᠤ | ᠭᠤᠣᠯ ᠮᠥᠷᠡᠨ ᠤ ᠬᠤᠶᠠᠷ ᠬᠥᠪᠡᠭᠡᠨ ᠳᠠᠬᠢ ᠡᠪᠡᠰᠦᠨ ᠦᠷ᠎ᠡ ᠠᠷᠪᠢᠨ ᠢᠳᠡᠳᠡᠭ ᠪᠡᠯᠴᠢᠭᠡᠷ ᠢ ᠰᠣᠩᠭᠤᠵᠤ | ᠪᠡᠯᠴᠢᠭᠡᠷᠯᠡᠭᠦᠯᠵᠦ ᠪᠣᠯᠣᠨ᠎ᠠ᠂ ᠬᠡᠷᠪᠡ ᠨᠥᠬᠦᠴᠡᠯ ᠪᠣᠯᠣᠯᠴᠠᠭ᠎ᠠ ᠲᠠᠢ ᠪᠣᠯ ᠪᠡᠯᠴᠢᠭᠡᠷ ᠨᠢ ᠨᠡᠯᠢᠶᠡᠳ ᠥᠷᠭᠡᠨ ᠪᠣᠯ | ᠦᠷᠭᠦᠯᠵᠢ ᠪᠡᠯᠴᠢᠭᠡᠷ ᠢᠶᠠᠨ ᠰᠣᠯᠢᠵᠤ᠂ ᠬᠤᠨᠢᠨ ᠰᠦᠷᠦᠭ ᠲᠤ ᠢᠳᠡᠬᠦ ᠳᠤᠷᠠᠲᠠᠢ ᠤᠯᠠᠨ ᠵᠦᠢᠯ ᠤᠨ ᠡᠪᠡᠰᠦ | ᠪᠣᠷᠳᠤᠭ᠎ᠠ ᠶᠢ ᠢᠳᠡᠭᠦᠯᠵᠦ᠂ ᠡᠪᠡᠰᠦᠨ ᠦᠷ᠎ᠡ ᠶᠢ ᠢᠯᠡᠭᠦᠦ ᠢᠳᠡᠭᠦᠯᠬᠦ ᠬᠡᠷᠡᠭᠲᠡᠢ᠃ | 2. ᠨᠠᠮᠤᠷ ᠤᠨ ᠤᠯᠠᠷᠢᠯ ᠳᠤ ᠪᠡᠯᠴᠢᠭᠡᠷᠯᠡᠭᠦᠯᠬᠦ ᠳᠡᠭᠡᠨ ᠡᠷᠲᠡ ᠬᠠᠷᠢᠭᠤᠯᠵᠤ᠂ ᠣᠷᠣᠢ ᠬᠤᠲᠠᠯᠠᠵᠤ᠂ | ᠪᠡᠯᠴᠢᠭᠡᠷᠯᠡᠭᠦᠯᠬᠦ ᠴᠠᠭ ᠢ ᠵᠣᠬᠢᠰᠲᠠᠢ ᠪᠠᠷ ᠤᠷᠲᠤᠳᠬᠠᠨ᠎ᠠ᠃ ᠦᠶ᠎ᠡ ᠭᠡᠰᠢᠭᠦᠦ ᠶᠢᠨ ᠡᠪᠡᠳᠴᠢᠨ ᠳᠤ ᠨᠡᠷᠪᠡᠭᠳᠡᠬᠦ ᠪᠤᠶᠤ | ᠰᠢᠮᠡᠭᠦᠷ ᠬᠤᠷᠣᠬᠠᠢ ᠶᠢᠨ ᠥᠨᠳᠡᠭᠡ ᠶᠢ ᠢᠳᠡᠬᠦ ᠠᠴᠠ ᠵᠠᠶᠢᠯᠠᠰᠬᠢᠬᠦ ᠶᠢᠨ ᠲᠥᠯᠥᠭᠡ ᠰᠢᠪᠠᠷ ᠱᠠᠯᠴᠢᠭ ᠲᠠᠢ ᠨᠦᠢᠲᠠᠨ | ᠭᠠᠵᠠᠷ ᠲᠤ ᠮᠠᠯ ᠬᠠᠷᠢᠭᠤᠯᠬᠤ ᠪᠠ ᠠᠮᠠᠷᠠᠬᠤ ᠶᠢ ᠪᠠᠭᠠᠰᠬᠠᠬᠤ ᠬᠡᠷᠡᠭᠲᠡᠢ᠃ ᠨᠠᠮᠤᠷ ᠤᠨ ᠰᠡᠭᠦᠯᠴᠢ ᠪᠠᠷ ᠵᠢᠩᠭᠢᠨᠡᠬᠦ ᠠᠴᠠ | ᠰᠡᠷᠭᠡᠶᠢᠯᠡᠵᠦ᠂ ᠬᠢᠷᠠᠭᠤ ᠲᠠᠢ ᠡᠳᠦᠷ ᠣᠷᠣᠢ ᠭᠠᠷᠭᠠᠵᠤ ᠡᠷᠲᠡ ᠬᠤᠲᠠᠯᠠᠵᠤ ᠬᠤᠨᠢᠨ ᠤ ᠬᠢᠷᠠᠭᠤ ᠲᠠᠢ ᠡᠪᠡᠰᠦ | ᠢᠳᠡᠭᠰᠡᠨ ᠠᠴᠠ ᠡᠪᠡᠳᠴᠢᠯᠡᠬᠦ ᠪᠠ ᠲᠠᠷᠭᠤ ᠠᠪᠬᠤ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃ | 3. ᠬᠤᠨᠢᠨ ᠤ ᠬᠠᠰᠢᠶ᠎ᠠ ᠳᠤ ᠡᠷᠦᠳᠡᠰᠦ ᠲᠠᠢ ᠳᠠᠪᠤᠰᠤᠨ ᠲᠣᠭᠤᠰᠬ᠎ᠠ ᠬᠠᠩᠭᠠᠵᠤ᠂ ᠬᠤᠨᠢ ᠶᠢ ᠴᠢᠯᠦᠭᠡᠲᠡᠢ | ᠳᠣᠯᠢᠶᠠᠵᠤ ᠢᠳᠡᠬᠦ ᠶᠢᠨ ᠬᠠᠮᠲᠤ ᠭᠦᠢᠴᠡᠳ ᠤᠰᠤ ᠤᠮᠳᠠ ᠲᠠᠢ ᠪᠠᠶᠢᠬᠤ ᠬᠡᠷᠡᠭᠲᠡᠢ᠃ | 4. ᠨᠠᠮᠤᠷ ᠤᠨ ᠤᠯᠠᠷᠢᠯ ᠪᠣᠯ ᠬᠡᠭᠡᠯᠲᠦᠭᠦᠯᠭᠡ ᠶᠢᠨ ᠤᠯᠠᠷᠢᠯ ᠪᠣᠯᠬᠤᠷ ᠡᠭᠦᠯᠳᠡᠷ ᠤᠨ ᠣᠨᠴᠠᠯᠢᠭ ᠨᠢ ᠢᠯᠡᠷᠬᠡᠢ᠂ | ᠪᠡᠶ᠎ᠡ ᠮᠠᠬᠠᠪᠤᠳ ᠨᠢ ᠴᠢᠭᠢᠷᠠᠭ᠂ ᠪᠦᠲᠦᠴᠡ ᠨᠢ ᠵᠢᠭᠳᠡ᠂ ᠦᠷᠡᠵᠢᠯ ᠤᠨ ᠡᠷᠬᠡᠲᠡᠨ ᠤ ᠪᠤᠶᠢᠵᠢᠯᠲᠠ ᠨᠢ ᠬᠡᠪ ᠤᠨ᠂ | ᠲᠠᠷᠭᠤ ᠬᠦᠴᠦ ᠨᠢ ᠲᠣᠬᠢᠷᠠᠮᠵᠢᠲᠠᠢ ᠡᠷᠡᠭᠦᠯ ᠴᠢᠭᠢᠷᠠᠭ᠂ ᠵᠠᠯᠠᠭᠤ ᠨᠠᠰᠤᠨ ᠤ ᠬᠤᠴᠠ ᠶᠢ ᠰᠣᠩᠭᠤᠵᠤ | ᠬᠡᠭᠡᠯᠲᠦᠭᠦᠯᠦᠨ᠎ᠡ᠃ ᠨᠢᠭᠡ ᠬᠤᠴᠠ 30 — 35 ᠡᠮ᠎ᠡ ᠬᠤᠨᠢ ᠳᠠᠭᠠᠭᠤᠯᠤᠨ᠎ᠠ᠃ | 5. ᠬᠡᠭᠡᠯᠲᠦᠭᠦᠯᠦᠭᠰᠡᠨ ᠤ ᠲᠠᠷᠠᠭ᠎ᠠ ᠡᠮ᠎ᠡ ᠬᠤᠨᠢ ᠶᠢ ᠬᠠᠷᠢᠭᠤᠯᠬᠤ ᠳᠠᠭᠠᠨ ᠯᠠᠪᠳᠠᠭᠤᠨ ᠠᠯᠬᠤᠭᠤᠯᠵᠤ᠂ ᠠᠯᠭᠤᠷ | ᠬᠥᠭᠡᠭᠡᠵᠦ᠂ ᠲᠠᠭᠤᠬᠤ ᠦᠭᠡᠢ᠂ ᠴᠣᠬᠢᠬᠤ ᠦᠭᠡᠢ ᠪᠠᠶᠢᠵᠤ᠂ ᠬᠢᠷᠠᠭᠤ ᠬᠥᠯᠳᠡᠭᠦᠦ ᠪᠠ ᠢᠯᠵᠢᠷᠡᠭᠰᠡᠨ ᠡᠪᠡᠰᠦ | ᠪᠣᠷᠳᠤᠭ᠎ᠠ ᠶᠢ ᠢᠳᠡᠬᠦ ᠠᠴᠠ ᠰᠡᠷᠭᠡᠶᠢᠯᠡᠵᠦ᠂ ᠬᠡᠭᠡᠯ ᠬᠠᠶᠠᠬᠤ ᠠᠴᠠ ᠰᠡᠷᠭᠡᠶᠢᠯᠡᠵᠦ᠂ ᠡᠮ᠎ᠡ ᠬᠤᠨᠢᠨ ᠤ ᠬᠡᠪᠡᠯᠢ ᠶᠢ | ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | 6. ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠵᠠᠷᠴᠢᠮ ᠢ ᠪᠠᠷᠢᠮᠲᠠᠯᠠᠵᠤ᠂ ᠲᠣᠭᠲᠠᠭᠰᠠᠨ | ᠴᠠᠭ ᠲᠤᠨᠢ ᠲᠣᠭᠲᠠᠭᠰᠠᠨ ᠬᠡᠮᠵᠢᠶᠡᠨ ᠤ ᠡᠭᠡᠯᠢᠯᠡᠭᠡ ᠶᠢᠨ ᠲᠠᠷᠢᠯᠭ᠎ᠠ ᠪᠠ ᠬᠤᠷᠣᠬᠠᠢ ᠬᠥᠭᠡᠭᠡᠬᠦ ᠬᠡᠷᠡᠭᠲᠡᠢ᠃ | 7. ᠬᠤᠨᠢᠨ ᠤ ᠰᠦᠷᠦᠭ ᠲᠠᠬᠢ ᠭᠤᠯᠣᠩᠬᠠᠢ᠂ ᠰᠦ ᠬᠦᠷᠦᠯᠴᠡᠬᠦ ᠦᠭᠡᠢ ᠵᠢᠴᠢ ᠪᠤᠰᠤᠳ ᠬᠥᠭᠰᠢᠨ ᠪᠠᠭᠤᠷᠠᠢ | ᠡᠪᠡᠳᠴᠢᠨ ᠲᠠᠢ ᠵᠡᠮᠳᠡᠭ ᠬᠤᠨᠢ᠂ ᠡᠷ᠎ᠡ ᠬᠤᠨᠢ᠂ ᠡᠭᠦᠯᠳᠡᠷ ᠤᠨ ᠪᠠᠷᠢᠮᠵᠢᠶ᠎ᠠ ᠳᠤ ᠬᠦᠷᠬᠦ ᠦᠭᠡᠢ ᠬᠤᠨᠢ ᠶᠢ ᠴᠠᠭ | ᠲᠤᠬᠠᠢ ᠳᠤᠨᠢ ᠰᠢᠢᠳᠪᠦᠷᠢᠯᠡᠵᠦ᠂ ᠬᠤᠨᠢᠨ ᠤ ᠰᠦᠷᠦᠭ ᠤᠨ ᠪᠦᠲᠦᠴᠡ ᠶᠢ ᠪᠦᠲᠦᠮᠵᠢᠲᠡᠶ ᠪᠠᠷ ᠲᠣᠬᠢᠷᠠᠭᠤᠯᠬᠤ | ᠬᠡᠷᠡᠭᠲᠡᠢ᠃ |