ᠬᠤᠪᠤᠷ ᠰᠢᠷᠦᠢ ᠶᠢᠨ ᠲᠡᠬᠡᠳᠤ ᠰᠢᠨ᠎ᠠ ᠮᠡᠷᠬᠡᠵᠢᠯ ᠤᠨ ᠨᠡᠬᠡᠬᠡᠯᠳᠡ ᠶᠢᠨ ᠤᠷᠤᠨ᠄ 164 ᠵᠠᠯᠠᠭᠤ ᠴᠢᠳᠠᠪᠤᠷᠢᠳᠠᠨ ᠳᠤ ᠤᠷᠤᠨ ᠰᠠᠭᠤᠴᠠ ᠶᠢᠨ ᠪᠠᠳᠤᠯᠠᠭ᠎ᠠ ᠶᠢᠨ ᠤᠷᠤᠨ ᠰᠠᠭᠤᠴᠠ ᠮᠡᠳᠡᠬᠦᠯᠵᠦ ᠦᠭᠬᠦᠨ᠎ᠡ
ᠨᠡᠶᠢᠲᠡᠯᠡᠭᠰᠡᠨ ᠴᠠᠭ᠄
2024/10/21
     2024 ᠣᠨ ᠤ ᠲᠦᠷᠦᠭᠦᠤ ᠭᠤᠷᠪᠠᠨ ᠤᠯᠠᠷᠢᠯ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠣᠷᠣᠨ ᠰᠠᠭᠤᠴᠠ ᠶᠢᠨ ᠴᠢᠳᠠᠪᠤᠷᠢᠲᠠᠨ ᠢ ᠲᠠᠲᠠᠬᠤ ᠪᠠ ᠲᠥᠪᠯᠡᠷᠡᠭᠦᠯᠬᠦ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠷᠣᠨ ᠤ ᠳᠣᠲᠣᠷᠠᠬᠢ 164 ᠵᠠᠯᠠᠭᠤ ᠴᠢᠳᠠᠪᠤᠷᠢᠲᠠᠨ ᠳᠤ  ᠪᠠᠲᠤᠯᠠᠭ᠎ᠠ ᠶᠢᠨ ᠣᠷᠣᠨ ᠰᠠᠭᠤᠴᠠ ᠶᠢᠨ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ ᠂ 64 ᠬᠥᠮᠦᠨ ᠬᠢᠨᠠᠨ ᠬᠠᠷᠭᠤᠭᠤᠯᠬᠤ ᠪᠠᠷ ᠳᠡᠮᠵᠢᠪᠡ᠃ 2022 ᠣᠨ ᠤ ︽ᠪᠤᠭᠤᠲᠤ ᠬᠤᠲᠠ ᠶᠢᠨ ᠴᠢᠳᠠᠪᠤᠷᠢᠲᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠨᠡᠶᠢᠲᠡᠯᠡᠭᠰᠡᠨ ᠠᠴᠠ ᠨᠠᠰᠢ᠂ ᠨᠢᠭᠡᠨᠲᠡ 320 ᠬᠥᠮᠦᠨ ᠢ ᠬᠢᠨᠠᠨ ᠬᠠᠷᠭᠤᠭᠤᠯᠵᠤ᠂ 158 ᠬᠥᠮᠦᠨ ᠢ ᠬᠢᠨᠠᠨ ᠬᠠᠷᠭᠤᠭᠤᠯᠵᠤ ᠪᠠᠲᠤᠯᠠᠪᠠ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠭᠡᠷ ᠲᠦᠷᠢᠶᠡᠰᠦᠯᠡᠬᠦ ᠨᠥᠬᠦᠪᠥᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢ ᠪᠠᠭᠲᠠᠭᠠᠭᠰᠠᠨ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢᠨ ᠴᠢᠳᠠᠪᠤᠷᠢᠲᠠᠨ ᠤ ᠠᠮᠤᠷ ᠲᠠᠶᠢᠪᠤᠩ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠪᠡ᠃ ᠨᠠᠷᠢᠯᠢᠭ ᠣᠨᠣᠴᠠᠲᠠᠶ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠴᠢᠳᠠᠪᠤᠷᠢᠲᠠᠨ ᠤ ᠴᠥᠮ ᠦᠨᠡᠨ ᠪᠣᠳᠠᠲᠠᠶ ᠠᠮᠤᠷ ᠠᠮᠤᠭᠤᠯᠠᠩ ᠣᠷᠣᠰᠢᠨ ᠰᠠᠭᠤᠬᠤ ᠠᠰᠠᠷᠠᠮᠵᠢ ᠭᠥᠷᠳᠡᠬᠦ ᠶᠢ ᠦᠨᠡᠨ ᠬᠦ ᠪᠠᠲᠤᠯᠠᠵᠤ᠂ ᠴᠢᠳᠠᠪᠤᠷᠢᠲᠠᠨ ᠳᠤ ᠨᠠᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠪᠠ ᠨᠠᠩ ᠴᠢᠨᠠᠷ ᠰᠠᠶᠢᠲᠠᠶ ᠠᠮᠢᠳᠤᠷᠠᠯ ᠤᠨ ᠣᠷᠴᠢᠨ ᠨᠥᠬᠦᠴᠡᠯ ᠬᠠᠩᠭᠠᠵᠤ᠂ ᠲᠡᠳᠡᠨ ᠢ ᠰᠡᠳᠬᠢᠯ ᠠᠮᠤᠷ ᠠᠵᠢᠯᠯᠠᠭᠤᠯᠵᠤ᠂ ᠲᠠᠭᠠᠯᠠᠮᠵᠢᠲᠠᠶ ᠠᠮᠢᠳᠤᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号