| ᠪᠤᠭᠤᠲᠤ ᠶᠢᠨ ᠢ ᠯᠢ ᠰᠢᠨ᠎ᠡ ᠡᠨᠧᠷᠭᠢ ᠶᠢᠨ ᠲᠥᠬᠦᠭᠡᠷᠦᠮᠵᠢ ᠦᠢᠯᠡᠳᠬᠦ ᠬᠢᠵᠠᠭᠠᠷᠲᠤ ᠺᠣᠮᠫᠠᠨᠢ ᠵᠢᠯ ᠳᠤ 40 | ᠲᠦᠮᠡᠨ ᠲᠣᠨ ᠥᠨᠳᠥᠷ ᠴᠢᠳᠠᠪᠬᠢᠲᠤ ᠴᠠᠬᠢᠯᠭᠠᠨ ᠤ ᠠᠵᠢᠯᠴᠢᠨ ᠤ ᠪᠤᠯᠤᠳ ᠲᠡᠮᠤᠷ ᠤᠨ ᠲᠦᠷᠦᠯ ᠵᠦᠢᠯ | ᠦᠢᠯᠡᠳᠪᠦᠷᠢᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 5.02 ᠳ᠋ᠦᠩᠰᠢᠭᠤᠷ ᠲᠥᠭᠦᠷᠢᠭ ᠲᠤ ᠬᠦᠷᠴᠦ᠂ | ᠪᠦᠳᠦᠭᠡᠨ ᠪᠠᠶᠢᠭᠤᠯᠬᠤ ᠵᠢᠯ ᠬᠤᠭᠤᠴᠠᠭ᠎ᠠ ᠨᠢ 2024 ᠣᠨ ᠤ 1 ᠰᠠᠷ᠎ᠠ ᠠᠴᠠ 2025 ᠣᠨ ᠤ 6 ᠰᠠᠷ᠎ᠠ | ᠪᠣᠯᠤᠨ᠎ᠠ᠃ ᠭᠤᠤᠯᠳᠠᠭᠤ ᠦᠢᠯᠡᠳᠪᠦᠷᠢᠯᠡᠬᠦ ᠴᠢᠳᠠᠪᠤᠷᠢ ᠨᠢ 40 ᠲᠦᠮᠡᠨ ᠲᠣᠨ ᠳᠡᠭᠡᠳᠦ ᠰᠣᠷᠢᠨᠵᠢᠨ ᠰᠡᠷᠡᠯ ᠪᠦᠬᠦᠢ | ᠪᠣᠯᠣᠳ ᠲᠡᠮᠦᠷ ᠤᠨ ᠪᠠᠶᠢᠩᠭᠤ ᠬᠢᠮᠢ ᠶᠢᠨ ᠤᠬᠢᠶᠠᠯᠭ᠎ᠠ ᠶᠢᠨ ᠦᠢᠯᠡᠳᠪᠦᠷᠢᠯᠡᠯ ᠤᠨ ᠱᠤᠭᠤᠮ ᠪᠣᠯᠤᠨ 16 ᠲᠦᠮᠡᠨ | ᠲᠣᠨ ᠳᠡᠭᠡᠳᠦ ᠰᠣᠷᠢᠨᠵᠢᠨ ᠰᠡᠷᠡᠯ ᠪᠦᠬᠦᠢ ᠪᠣᠯᠣᠳ ᠢ ᠬᠦᠢᠲᠡᠨ ᠢᠶᠠᠷ ᠬᠡᠪᠰᠢᠭᠦᠯᠬᠦ ᠦᠢᠯᠡᠳᠪᠦᠷᠢᠯᠡᠯ ᠤᠨ ᠱᠤᠭᠤᠮ | ᠵᠢᠴᠢ ᠢᠵᠢ ᠪᠦᠷᠢᠳᠦᠭᠦᠯᠬᠦ ᠨᠡᠶᠢᠲᠡ ᠶᠢᠨ ᠬᠠᠪᠰᠤᠷᠤᠮᠵᠢ ᠪᠡᠯᠡᠳᠬᠡᠮᠵᠢ ᠶᠢ ᠪᠦᠲᠦᠭᠡᠨ ᠪᠠᠶᠢᠭᠤᠯᠤᠨ᠎ᠠ᠃ ᠲᠥᠷᠥᠯ | ᠵᠦᠢᠯ ᠤᠨ ᠭᠤᠤᠯ ᠡᠵᠡᠩᠨᠡᠵᠦ ᠪᠠᠶᠢᠭ᠎ᠠ ᠦᠢᠯᠡᠳᠬᠦᠨ ᠤ ᠳᠡᠭᠡᠳᠦ ᠰᠣᠷᠢᠨᠵᠢᠨ ᠮᠡᠳᠡᠷᠡᠬᠦ ᠴᠠᠬᠢᠭᠤᠷ ᠤᠨ ᠪᠤᠯᠤᠳ ᠢ | ᠲᠣᠭᠲᠠᠮᠠᠯ ᠰᠣᠷᠢᠨᠵᠢᠨ ᠢᠵᠢᠯ ᠠᠯᠬᠤᠮᠲᠤ ᠴᠠᠬᠢᠯᠭᠠᠨ ᠮᠠᠰᠢᠨ᠂ ᠲᠣᠭᠲᠠᠮᠠᠯ ᠰᠣᠷᠢᠨᠵᠢᠨ ᠴᠠᠬᠢᠯᠭᠠᠨ ᠭᠠᠷᠭᠠᠬᠤ | ᠮᠠᠰᠢᠨ ᠵᠡᠷᠭᠡ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠲᠣᠨᠤᠭ ᠲᠥᠬᠦᠭᠡᠷᠦᠮᠵᠢ ᠶᠢᠨ | ᠦᠢᠯᠡᠳᠬᠡᠯ ᠤᠨ ᠠᠵᠢᠯ ᠲᠥᠷᠥᠯ ᠪᠣᠯ ᠤᠯᠤᠰ ᠤᠨ ᠳᠣᠲᠣᠭᠠᠳᠤ ᠶᠢᠨ ᠳᠡᠭᠡᠳᠦ ᠰᠣᠷᠢᠨᠵᠢᠨ ᠴᠠᠬᠢᠭᠤᠷᠲᠤ | ᠪᠣᠯᠣᠳ ᠤᠨ ᠴᠢᠬᠤᠯᠠ ᠦᠢᠯᠡᠳᠪᠦᠷᠢᠯᠡᠯ ᠤᠨ ᠬᠤᠳᠠᠯᠳᠤᠭᠠᠴᠢᠨ ᠮᠥᠨ᠂ ᠪᠦᠲᠦᠭᠡᠭᠳᠡᠬᠦᠨ ᠨᠢ ᠲᠠᠢ ᠤᠯᠤᠰ᠂ | ᠲᠦᠷᠺ᠂ ᠡᠨᠡᠳᠬᠡᠭ᠂ ᠮᠠᠯᠠᠶᠢᠰᠢᠶ᠎ᠠ ᠵᠡᠷᠭᠡ ᠤᠯᠤᠰ ᠲᠤ ᠪᠣᠷᠣᠯᠠᠭᠤᠯᠤᠭᠳᠠᠵᠤ ᠪᠠᠶᠢᠨ᠎ᠠ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠭᠤᠤᠯ ᠡᠵᠡᠩᠨᠡᠯᠲᠡ ᠶᠢᠨ ᠣᠷᠣᠯᠭ᠎ᠠ ᠨᠢ 25 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ ᠪᠣᠯᠤᠨ᠎ᠠ᠃ | | ᠲᠥᠷᠥᠯ ᠵᠦᠢᠯ ᠤᠨ ᠭᠤᠣᠯ ᠴᠣᠭᠴᠠ ᠶᠢᠨ ᠦᠢᠯᠡᠳᠪᠦᠷᠢ ᠶᠢᠨ ᠲᠠᠰᠤᠭ ᠢ ᠱᠠᠯᠠᠪᠳᠠᠨ ᠪᠠᠶᠢᠭᠤᠯᠵᠤ ᠪᠠᠶᠢᠨ᠎ᠠ | | ᠠᠵᠢᠯᠴᠢᠳ ᠨᠢᠭᠡᠨᠲᠡ ᠳᠠᠭᠤᠰᠤᠭᠰᠠᠨ ᠭᠤᠣᠯ ᠴᠣᠭᠴᠠ ᠶᠢᠨ ᠦᠢᠯᠡᠳᠪᠦᠷᠢ ᠶᠢᠨ ᠪᠠᠶᠢᠰᠢᠩ ᠤᠨ ᠪᠣᠷᠣ ᠲᠥᠯᠥᠪ ᠳᠤ | ᠰᠢᠷᠳᠡᠬᠦ ᠠᠵᠢᠯ ᠬᠢᠵᠦ ᠪᠠᠶᠢᠨ᠎ᠠ | | ᠰᠢᠨ᠎ᠡ ᠪᠠᠷᠢᠭᠰᠠᠨ ᠦᠢᠯᠡᠳᠪᠦᠷᠢ ᠶᠢᠨ ᠭᠡᠷ ᠪᠠᠶᠢᠰᠢᠩ ᠳᠤ ᠢᠵᠢ ᠪᠦᠷᠢᠳᠦᠭᠰᠡᠨ 2 ᠮᠠᠰᠢᠨ ᠲᠡᠷᠭᠡ ᠨᠢᠭᠡᠨᠲᠡ | ᠬᠡᠪ ᠢᠶᠠᠷ ᠬᠡᠷᠡᠭᠯᠡᠭᠳᠡᠪᠡ | | ᠪᠠᠶᠢᠩᠭᠤ ᠶᠢᠨ ᠴᠢᠨᠠᠷ ᠲᠠᠢ ᠬᠦᠴᠢᠯᠯᠢᠭ ᠤᠬᠢᠶᠠᠯᠭ᠎ᠠ ᠶᠢᠨ ᠦᠢᠯᠡᠳᠪᠦᠷᠢᠯᠡᠯ ᠤᠨ ᠱᠤᠭᠤᠮ ᠤᠨ ᠲᠥᠬᠦᠭᠡᠷᠦᠮᠵᠢ ᠶᠢ | 80% ᠤᠭᠰᠠᠷᠠᠨ ᠳᠠᠭᠤᠰᠬᠠᠪᠠ | | | | |