ᠣᠶᠢᠷ᠎ᠠ ᠳᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃ | ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠮᠠᠷ ᠪᠤᠢ︖ | ᠢᠯᠡ ᠪᠠᠷ ᠠᠵᠢᠯᠲᠠᠨ ᠡᠯᠰᠡᠬᠦ ᠨᠢ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ | ᠨᠢᠭᠡᠨ ᠦᠨᠳᠦᠰᠦᠨ ᠳᠦᠷᠢᠮ ᠪᠤᠯᠤᠬᠰᠠᠨ ᠤ ᠬᠤᠪᠢ ᠳᠤ᠂ ᠠᠵᠢᠯ ᠦᠢᠯᠡᠰ ᠤᠨ ᠨᠢᠭᠡᠴᠢ ᠶᠢᠨ ᠰᠢᠯᠢᠳᠡᠭ ᠢ ᠰᠣᠩᠭᠤᠵᠤ | ᠬᠥᠮᠥᠨ ᠤᠷᠢᠨ ᠠᠪᠴᠢᠷᠠᠬᠤ ᠭᠤᠣᠯ ᠠᠷᠭ᠎ᠠ ᠵᠠᠮ ᠮᠥᠨ᠂ ᠠᠵᠢᠯ ᠦᠢᠯᠡᠰ ᠤᠨ ᠨᠢᠭᠡᠴᠢ ᠶᠢᠨ ᠬᠥᠮᠥᠨ ᠰᠣᠩᠭᠤᠵᠤ | ᠬᠥᠮᠥᠨ ᠬᠡᠷᠡᠭᠯᠡᠬᠦ ᠠᠵᠢᠯ ᠢ ᠡᠬᠢ ᠡᠭᠦᠰᠦᠯ ᠠᠴᠠ ᠨᠢ ᠵᠢᠷᠤᠮᠵᠢᠭᠤᠯᠬᠤ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠮᠥᠨ᠂ | ᠡᠨᠡ ᠨᠢ ᠥᠷᠭᠡᠨ ᠤᠯᠠᠨ ᠠᠵᠢᠯ ᠡᠷᠢᠭᠰᠡᠳ ᠤᠨ ᠡᠷᠬᠡ ᠲᠡᠭᠰᠢ ᠪᠠᠷ ᠠᠵᠢᠯ ᠣᠯᠬᠤ ᠡᠷᠬᠡ ᠠᠰᠢᠭ ᠲᠤ ᠬᠤᠯᠪᠣᠭᠳᠠᠵᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠳᠤ ᠬᠤᠯᠪᠣᠭᠳᠠᠵᠤ ᠪᠠᠶᠢᠳᠠᠭ᠃ ᠢᠯᠡ ᠪᠠᠷ ᠠᠵᠢᠯᠲᠠᠨ ᠡᠯᠰᠡᠬᠦ ᠠᠵᠢᠯ ᠢ | ᠵᠢᠷᠤᠮᠵᠢᠭᠤᠯᠬᠤ ᠶᠢᠨ ᠲᠥᠯᠥᠭᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠦᠷᠢᠮ ᠲᠣᠭᠲᠠᠭᠠᠯ ᠢ ᠬᠦᠴᠦᠯᠡᠨ ᠲᠣᠭᠲᠠᠭᠠᠵᠤ᠂ ᠤᠷᠢᠳ ᠬᠤᠵᠢᠳ ᠠᠯᠢ ᠤᠯᠠᠨ | ᠲᠥᠷᠥ ᠶᠢᠨ ᠪᠣᠳᠣᠯᠭ᠎ᠠ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠦᠨᠡᠨᠬᠦ ᠴᠢᠩᠭᠠᠳᠬᠠᠪᠠ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠢᠳᠡᠪᠬᠢᠲᠡᠢ ᠠᠬᠢᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ ᠠᠵᠢᠯᠲᠠᠨ ᠡᠯᠰᠡᠬᠦ | ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠶᠡᠷᠦᠩᠬᠡᠢ ᠳᠤᠨᠢ ᠠᠪᠴᠤ | ᠦᠵᠡᠪᠡᠯ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠵᠢᠷᠤᠮᠵᠢᠭᠤᠨ ᠪᠥᠭᠡᠳ ᠡᠮᠬᠢ | ᠳᠢᠭᠯᠢᠮ ᠲᠠᠢ᠂ ᠠᠮᠤᠷ ᠲᠦᠪᠰᠢᠨ ᠪᠥᠭᠡᠳ ᠲᠣᠭᠲᠠᠭᠤᠨ ᠪᠠᠶᠢᠵᠤ᠂ ᠠᠵᠢᠯ ᠦᠢᠯᠡᠰ ᠤᠨ ᠨᠢᠭᠡᠴᠢ ᠶᠢᠨ ᠬᠥᠮᠥᠨ ᠰᠣᠩᠭᠤᠵᠤ | ᠬᠡᠷᠡᠭᠯᠡᠬᠦ ᠬᠠᠷᠠᠭ᠎ᠠ ᠶᠢ ᠥᠷᠭᠡᠳᠬᠡᠬᠦ᠂ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠡᠩᠨᠡᠭᠡ ᠶᠢ ᠪᠠᠶᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ | ᠭᠡᠪᠡᠴᠦ ᠣᠶᠢᠷ᠎ᠠ ᠶᠢᠨ ᠵᠢᠯ ᠤᠳ ᠲᠤ ᠦᠢᠯᠡᠳᠦᠯᠭᠡ ᠶᠢᠨ ᠳᠤᠮᠳᠠ ᠪᠠᠰᠠ ᠵᠠᠷᠢᠮ ᠲᠣᠪᠤᠶᠢᠮ᠎ᠠ ᠠᠰᠠᠭᠤᠳᠠᠯ ᠢᠯᠡᠷᠡᠪᠡ᠂ | ᠡᠭᠦᠨ ᠳᠤ ᠭᠤᠣᠯᠳᠠᠭᠤ ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ ︵ᠨᠢᠭᠡᠴᠢ︶ ᠠᠵᠢᠯᠲᠠᠨ ᠡᠯᠰᠡᠬᠦ ᠠᠵᠢᠯ ᠢ | ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠬᠦᠷᠦᠯᠴᠡᠬᠦ ᠦᠭᠡᠢ᠂ ᠢᠯᠡ ᠪᠠᠷ ᠠᠵᠢᠯᠲᠠᠨ ᠡᠯᠰᠡᠬᠦ ᠵᠢᠷᠤᠮ ᠪᠣᠯᠣᠨ | ᠱᠠᠭᠠᠷᠳᠠᠯᠭ᠎ᠠ ᠠᠴᠠ ᠰᠢᠯᠲᠠᠭᠯᠠᠨ ᠵᠠᠶᠢᠯᠠᠬᠤ᠂ ᠬᠢᠷᠢ ᠬᠡᠮ ᠤᠨ ᠨᠥᠬᠦᠴᠡᠯ ᠢ ᠲᠣᠬᠢᠷᠠᠭᠤᠯᠤᠭᠰᠠᠨ ᠨᠢ ᠵᠦᠢ ᠵᠣᠬᠢᠰ ᠦᠭᠡᠢ᠂ | ᠬᠢᠷᠢ ᠬᠡᠮ ᠢ ᠬᠢᠨᠠᠨ ᠪᠠᠶᠢᠴᠠᠭᠠᠬᠤ ᠨᠢ ᠵᠢᠷᠤᠮᠵᠢᠯ ᠦᠭᠡᠢ᠂ ᠰᠢᠯᠭᠠᠯᠲᠠ ᠶᠢᠨ ᠰᠡᠳᠦᠪ ᠪᠠ ᠰᠡᠳᠦᠪ ᠭᠠᠷᠭᠠᠬᠤ ᠳᠦᠷᠢᠮ ᠨᠢ | ᠰᠢᠨᠵᠢᠯᠡᠬᠦ ᠤᠬᠠᠭᠠᠨᠴᠢ ᠪᠤᠰᠤ᠂ ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ ᠨᠢ ᠨᠢᠭᠲᠠ ᠴᠢᠩᠭ᠎ᠠ ᠪᠢᠰᠢ ᠵᠡᠷᠭᠡ ᠨᠢ | ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠲᠠᠲᠠᠵᠤ ᠪᠠᠶᠢᠨ᠎ᠠ᠃ ᠡᠭᠦᠨ ᠤ ᠲᠥᠯᠥᠭᠡ᠂ ᠲᠥᠪ ᠤᠨ ᠵᠣᠬᠢᠶᠠᠨ | ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠰᠠᠨᠠᠯ ᠰᠣᠨᠣᠰᠤᠭᠰᠠᠨ ᠰᠠᠭᠤᠷᠢᠨ ᠳᠡᠭᠡᠷ᠎ᠡ᠂ ᠦᠢᠯᠡᠳᠦᠯᠭᠡ ᠶᠢᠨ ᠳᠤᠮᠳᠠ | ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠳ᠋ᠦᠩᠨᠡᠵᠦ᠂ ︽ | ᠮᠡᠳᠡᠭᠳᠡᠯ︾ ᠢ ᠰᠤᠳᠤᠯᠤᠨ ᠲᠣᠭᠲᠠᠭᠠᠵᠤ᠂ ᠣᠶᠢᠷ᠎ᠠ ᠶᠢᠨ ᠬᠤᠭᠤᠴᠠᠭᠠᠨ ᠳᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ ᠨᠢ ᠶᠠᠭᠤ ᠪᠤᠢ︖ | ᠬᠠᠷᠢᠭᠤᠯᠲᠠ᠄ ︽ᠮᠡᠳᠡᠭᠳᠡᠯ︾ ᠨᠢ ᠨᠠᠶᠢᠳᠠ ᠲᠠᠪᠤᠨ ᠬᠡᠰᠡᠭ᠂ 15 ᠵᠦᠢᠯ ᠢᠶᠠᠷ ᠪᠦᠷᠢᠯᠳᠦᠵᠡᠢ᠃ ᠨᠢᠭᠡᠳᠦᠭᠡᠷ | ᠬᠡᠰᠡᠭ ᠨᠢ ︽ᠢᠯᠡ ᠪᠠᠷ ᠠᠵᠢᠯᠲᠠᠨ ᠡᠯᠰᠡᠬᠦ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ︾᠂ ᠭᠤᠣᠯᠳᠠᠭᠤ | ᠢᠯᠡ ᠪᠠᠷ ᠠᠵᠢᠯᠲᠠᠨ ᠡᠯᠰᠡᠬᠦ ᠶᠢ ᠵᠣᠬᠢᠶᠠᠨ ᠪᠠᠶᠢᠭᠤᠯᠬᠤ ᠬᠡᠯᠪᠡᠷᠢ ᠶᠢ ᠰᠠᠶᠢᠵᠢᠷᠠᠭᠤᠯᠤᠨ ᠲᠡᠭᠦᠯᠳᠡᠷᠵᠢᠭᠦᠯᠬᠦ᠂ ᠠᠳᠠᠯᠢ ᠪᠤᠰᠤ | ᠪᠠᠶᠢᠳᠠᠯ ᠳᠤ ᠢᠯᠭᠠᠭ᠎ᠠ ᠲᠠᠢ ᠬᠠᠨᠳᠤᠵᠤ ᠠᠵᠢᠯᠲᠠᠨ ᠡᠯᠰᠡᠬᠦ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠬᠤ ᠪᠠ ᠪᠡᠶ᠎ᠡ ᠪᠠᠨ | ᠳᠠᠭᠠᠭᠠᠵᠤ ᠵᠣᠬᠢᠶᠠᠨ ᠪᠠᠶᠢᠭᠤᠯᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ︔ ᠬᠤᠶᠠᠳᠤᠭᠠᠷ ᠬᠡᠰᠡᠭ ᠨᠢ ︽ᠠᠵᠢᠯᠲᠠᠨ | ᠡᠯᠰᠠᠬ ᠵᠢᠷᠤᠮ ᠤᠨ ᠱᠠᠭᠠᠷᠳᠠᠯᠭ᠎ᠠ ᠶᠢ ᠴᠢᠩᠳᠠᠯᠠᠨ᠎ᠠ︾᠂ ᠭᠤᠣᠯᠳᠠᠭᠤ ᠲᠣᠭᠲᠠᠭᠠᠯ ᠢ ᠴᠢᠩᠭ᠎ᠠ ᠵᠢᠷᠤᠮᠯᠠᠵᠤ ᠠᠵᠢᠯᠲᠠᠨ | ᠡᠯᠰᠡᠬᠦ ᠶᠢ ᠬᠡᠷᠡᠭᠵᠢᠭᠦᠯᠬᠦ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠵᠢᠷᠤᠮᠵᠢᠭᠤᠯᠬᠤ ᠵᠡᠷᠭᠡ ᠲᠠᠯ᠎ᠠ ᠪᠠᠷ | ᠱᠠᠭᠠᠷᠳᠠᠯᠭ᠎ᠠ ᠳᠤᠷᠠᠳᠪᠠ︔ ᠭᠤᠷᠪᠠᠳᠤᠭᠠᠷ ᠬᠡᠰᠡᠭ ᠨᠢ ︽ᠠᠵᠢᠯ ᠤᠨ ᠪᠠᠶᠢᠷᠢ ᠶᠢᠨ ᠨᠥᠬᠦᠴᠡᠯ ᠢ ᠲᠣᠬᠢᠷᠠᠭᠤᠯᠬᠤ ᠪᠠ ᠬᠢᠷᠢ | ᠬᠡᠮ ᠢ ᠬᠢᠨᠠᠨ ᠪᠠᠶᠢᠴᠠᠭᠠᠬᠤ ᠠᠵᠢᠯ ᠢ ᠰᠢᠯᠢᠳᠡᠭᠵᠢᠭᠦᠯᠦᠨ᠎ᠡ︾᠂ ᠭᠤᠣᠯᠳᠠᠭᠤ ᠠᠵᠢᠯ ᠤᠨ ᠪᠠᠶᠢᠷᠢ ᠶᠢᠨ ᠬᠢᠷᠢ ᠬᠡᠮ ᠤᠨ | ᠨᠥᠬᠦᠴᠡᠯ ᠢ ᠵᠦᠢ ᠵᠣᠬᠢᠰᠲᠠᠢ ᠲᠣᠬᠢᠷᠠᠭᠤᠯᠬᠤ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠬᠤ᠂ ᠡᠯᠰᠡᠬᠦ ᠭᠡᠵᠦ ᠪᠠᠶᠢᠭ᠎ᠠ ᠬᠥᠮᠥᠨ ᠤ ᠦᠨᠡᠨᠴᠢ ᠢᠲᠡᠭᠡᠮᠵᠢ ᠶᠢᠨ ᠲᠤᠬᠠᠢ ᠠᠮᠠᠯᠳᠠᠬᠤ ᠳᠦᠷᠢᠮ ᠢ | ᠬᠡᠷᠡᠭᠵᠢᠭᠦᠯᠬᠦ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ︔ | ᠳᠥᠷᠪᠡᠳᠦᠭᠡᠷ ᠬᠡᠰᠡᠭ ᠨᠢ ︽ᠠᠵᠢᠯᠲᠠᠨ ᠡᠯᠰᠡᠬᠦ ᠰᠢᠯᠭᠠᠯᠲᠠ ᠶᠢᠨ ᠬᠠᠨᠳᠤᠯᠭᠠᠲᠤ ᠴᠢᠨᠠᠷ ᠪᠠ ᠰᠢᠨᠵᠢᠯᠡᠬᠦ ᠤᠬᠠᠭᠠᠨᠴᠢ | ᠴᠢᠨᠠᠷ ᠢ ᠴᠢᠩᠭᠠᠳᠬᠠᠨ᠎ᠠ︾᠂ ᠭᠤᠣᠯᠳᠠᠭᠤ ᠰᠡᠳᠦᠪ ᠭᠠᠷᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠨᠢᠭᠤᠷᠲᠠᠨ | ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨᠬᠦ ᠪᠠᠲᠤᠯᠠᠬᠤ᠂ ᠰᠢᠯᠭᠠᠯᠲᠠ ᠶᠢᠨ ᠲᠠᠯᠠᠪᠤᠷ ᠤᠨ | ᠬᠠᠮᠢᠶᠠᠷᠤᠯᠲᠠ ᠶᠢ ᠴᠢᠩᠳᠠᠯᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ︔ ᠲᠠᠪᠤᠳᠤᠭᠠᠷ ᠬᠡᠰᠡᠭ ᠨᠢ ︽ᠰᠠᠬᠢᠯᠭ᠎ᠠ | ᠪᠠᠲᠤ ᠶᠢᠨ ᠱᠠᠭᠠᠷᠳᠠᠯᠭ᠎ᠠ ᠶᠢ ᠴᠢᠩᠳᠠᠯᠠᠨ᠎ᠠ︾᠂ ᠭᠤᠣᠯᠳᠠᠭᠤ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠳᠤᠷ᠎ᠠ ᠪᠠᠷ ᠢᠶᠠᠨ | ᠲᠣᠭᠲᠠᠭᠠᠬᠤ ᠪᠤᠶᠤ ᠥᠷᠭᠡᠳᠬᠡᠵᠦ ᠪᠣᠯᠬᠤ ᠦᠭᠡᠢ᠂ ᠰᠢᠯᠭᠠᠯᠲᠠ ᠶᠢᠨ ᠰᠦᠢᠳᠬᠡᠯ ᠬᠤᠷᠢᠶᠠᠬᠤ ᠪᠠ ᠵᠠᠷᠤᠯᠭ᠎ᠠ ᠶᠢᠨ | ᠲᠣᠭᠲᠠᠭᠠᠯ ᠢ ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠰᠢᠢᠳᠪᠦᠷᠢᠯᠡᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠭᠤᠷᠪᠠ᠂ ︽ᠮᠡᠳᠡᠭᠳᠡᠯ︾ ᠳᠤ ᠢᠯᠡ ᠪᠠᠷ ᠠᠵᠢᠯᠲᠠᠨ ᠡᠯᠰᠡᠬᠦ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ︖ | ᠬᠠᠷᠢᠭᠤᠯᠲᠠ᠄ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ︵ᠨᠢᠭᠡᠴᠢ︶ ᠤᠨ ᠢᠯᠡ ᠪᠠᠷ ᠠᠵᠢᠯᠲᠠᠨ ᠡᠯᠰᠡᠬᠦ | ᠠᠵᠢᠯ ᠨᠢ ᠬᠡᠲᠦ ᠲᠠᠷᠬᠠᠢ ᠪᠤᠲᠠᠷᠬᠠᠢ᠂ ᠵᠣᠬᠢᠶᠠᠨ ᠪᠠᠶᠢᠭᠤᠯᠬᠤ ᠥᠪᠡᠷ ᠤᠨ ᠥᠷᠲᠡᠭ ᠨᠢ ᠨᠡᠯᠢᠶᠡᠳ ᠥᠨᠳᠥᠷ᠂ | ᠰᠢᠯᠭᠠᠯᠲᠠ ᠶᠢᠨ ᠠᠮᠤᠷ ᠲᠦᠪᠰᠢᠨ ᠤ ᠲᠦᠭᠰᠢᠭᠦᠷᠢ ᠨᠡᠯᠢᠶᠡᠳ ᠶᠡᠭᠡ ᠵᠡᠷᠭᠡ ᠠᠰᠠᠭᠤᠳᠠᠯ ᠳᠤ ᠴᠢᠭᠯᠡᠭᠦᠯᠦᠨ᠂ ︽ᠮᠡᠳᠡᠭᠳᠡᠯ︾ | ᠳᠤ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠬᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠵᠣᠬᠢᠶᠠᠨ ᠪᠠᠶᠢᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠵᠡᠷᠭᠡ ᠠᠴᠠ ᠡᠭᠦᠰᠴᠦ᠂ ᠨᠢᠭᠡᠳᠦᠭᠡᠷ ᠬᠡᠰᠡᠭ ᠲᠤ ︽ᠢᠯᠡ ᠪᠠᠷ ᠠᠵᠢᠯᠲᠠᠨ ᠡᠯᠰᠡᠬᠦ ᠠᠵᠢᠯ ᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠶ︾ ᠭᠡᠵᠦ ᠲᠣᠳᠣᠷᠬᠠᠢ ᠱᠠᠭᠠᠷᠳᠠᠭᠰᠠᠨ ᠪᠥᠭᠡᠳ ᠲᠥᠪ ᠤᠨ ᠪᠠ | ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠲᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠳᠠᠬᠢ ᠨᠡᠯᠢᠶᠡᠳ | ᠳᠣᠣᠷ᠎ᠠ ᠲᠠᠰ ᠤᠨ ᠠᠵᠢᠯ ᠤᠨ ᠪᠠᠶᠢᠷᠢ ᠳᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠯᠡ ᠪᠠᠷ ᠠᠵᠢᠯᠲᠠᠨ ᠡᠯᠰᠡᠬᠦ | ᠠᠵᠢᠯ ᠢ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠣᠷᠣᠨ ᠨᠤᠲᠤᠭ ᠤᠨ ᠠᠵᠢᠯ ᠦᠢᠯᠡᠰ ᠤᠨ ᠨᠢᠭᠡᠴᠢ ᠲᠠᠰ ᠬᠤᠪᠢᠶᠠᠨ᠂ | ᠲᠥᠷᠥᠯ ᠢᠯᠭᠠᠨ ᠢᠯᠡ ᠪᠠᠷ ᠠᠵᠢᠯᠲᠠᠨ ᠡᠯᠰᠡᠬᠦ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠬᠤ ᠲᠠᠯ᠎ᠠ ᠪᠠᠷ ᠲᠣᠰ ᠲᠣᠰ | ᠪᠣᠳᠠᠲᠠᠢ ᠱᠠᠭᠠᠷᠳᠠᠯᠭ᠎ᠠ ᠳᠤᠷᠠᠳᠪᠠ᠃ ᠡᠭᠦᠨ ᠤ ᠵᠡᠷᠭᠡ ᠪᠠᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠢᠴᠢ ᠨᠡᠶᠢᠭᠡᠮ ᠳᠤ | ᠬᠠᠨᠳᠤᠭᠤᠯᠤᠭᠰᠠᠨ ᠨᠠᠶᠢᠳᠠ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠬᠡᠪᠴᠢᠶ᠎ᠡ ᠪᠠᠷ ᠨᠡᠯᠢᠶᠡᠳ ᠶᠡᠭᠡ ᠪᠤᠰᠤᠳ ᠠᠵᠢᠯ | ᠦᠢᠯᠡᠰ ᠤᠨ ᠨᠢᠭᠡᠴᠢ ᠶᠢᠨ ᠪᠣᠳᠠᠲᠠᠢ ᠪᠠᠶᠢᠳᠠᠯ ᠢ ᠪᠣᠳᠣᠯᠬᠢᠯᠠᠨ᠂ ᠲᠣᠭᠲᠠᠭᠠᠭᠰᠠᠨ ᠵᠢᠷᠤᠮ ᠪᠠ ᠱᠠᠭᠠᠷᠳᠠᠯᠭ᠎ᠠ ᠶᠣᠰᠣᠭᠠᠷ | ᠢᠯᠡ ᠪᠠᠷ ᠠᠵᠢᠯᠲᠠᠨ ᠡᠯᠰᠡᠬᠦ ᠶᠢ ᠪᠡᠶ᠎ᠡ ᠪᠠᠨ ᠳᠠᠭᠠᠭᠠᠵᠤ ᠵᠣᠬᠢᠶᠠᠨ ᠪᠠᠶᠢᠭᠤᠯᠤᠨ ᠥᠷᠨᠢᠭᠦᠯᠵᠦ ᠪᠣᠯᠣᠨ᠎ᠠ᠂ ᠳᠥᠭᠦᠮᠬᠡᠨ ᠢᠶᠠᠷ | ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ | ᠳᠥᠷᠪᠡ᠂ ︽ᠮᠡᠳᠡᠭᠳᠡᠯ︾ ᠳᠤ ᠲᠥᠪ ᠭᠤᠣᠯᠴᠢ ᠥᠷᠢᠰᠥᠯᠳᠦᠭᠡᠨ ᠤ ᠣᠷᠴᠢᠨ ᠨᠥᠬᠦᠴᠡᠯ ᠢ ᠪᠤᠢ ᠪᠣᠯᠭᠠᠬᠤ | ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠭᠰᠠᠨ ᠪᠣᠢ︖ | ᠬᠠᠷᠢᠭᠤᠯᠲᠠ᠄ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ︵ᠨᠢᠭᠡᠴᠢ︶ ᠤᠨ ᠡᠯ᠎ᠡ ᠵᠦᠢᠯ ᠤᠨ ᠨᠡᠷ᠎ᠡ ᠪᠠᠷ | ᠵᠣᠷᠢᠭᠤᠳᠠ ᠢᠯᠡ ᠪᠠᠷ ᠠᠵᠢᠯᠲᠠᠨ ᠡᠯᠰᠡᠬᠦ ᠵᠢᠷᠤᠮ ᠪᠠ ᠱᠠᠭᠠᠷᠳᠠᠯᠭ᠎ᠠ ᠠᠴᠠ ᠲᠡᠷᠰᠯᠡᠭᠰᠡᠨ ᠵᠡᠷᠭᠡ ᠠᠰᠠᠭᠤᠳᠠᠯ ᠳᠤ | ᠴᠢᠭᠯᠡᠭᠦᠯᠦᠨ᠂ ︽ᠮᠡᠳᠡᠭᠳᠡᠯ︾ ᠤᠨ ᠬᠤᠶᠠᠳᠤᠭᠠᠷ ᠬᠡᠰᠡᠭ ᠲᠤ ︽ᠠᠵᠢᠯᠲᠠᠨ ᠡᠯᠰᠡᠬᠦ ᠵᠢᠷᠤᠮ ᠤᠨ ᠱᠠᠭᠠᠷᠳᠠᠯᠭ᠎ᠠ ᠶᠢ | ᠴᠢᠩᠳᠠᠯᠠᠬᠤ ᠬᠡᠷᠡᠭᠳᠡᠢ︾᠂ ᠭᠤᠷᠪᠠᠳᠤᠭᠠᠷ ᠬᠡᠰᠡᠭ ᠲᠤ ︽ᠠᠵᠢᠯ ᠤᠨ ᠪᠠᠶᠢᠷᠢ ᠶᠢᠨ ᠨᠥᠬᠦᠴᠡᠯ ᠢ ᠲᠣᠬᠢᠷᠠᠭᠤᠯᠬᠤ ᠪᠠ ᠬᠢᠷᠢ | ᠬᠡᠮ ᠢ ᠬᠢᠨᠠᠨ ᠪᠠᠶᠢᠴᠠᠭᠠᠬᠤ ᠠᠵᠢᠯ ᠢ ᠰᠢᠯᠢᠳᠡᠭᠵᠢᠭᠦᠯᠬᠦ︾ ᠳᠤᠮᠳᠠ ᠬᠠᠨᠳᠤᠯᠭᠠᠲᠤ ᠴᠢᠨᠠᠷᠲᠠᠢ ᠲᠣᠭᠲᠠᠭᠠᠯ ᠭᠠᠷᠭᠠᠪᠠ᠃ | ᠡᠭᠦᠨ ᠳᠤ᠂ ᠳᠥᠷᠪᠡᠳᠦᠭᠡᠷ ᠵᠦᠢᠯ ᠳᠤ ︽︿ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠲᠤᠬᠠᠢ | ᠲᠦᠷ ᠬᠡᠷᠡᠭᠵᠢᠭᠦᠯᠬᠦ ᠲᠣᠭᠲᠠᠭᠠᠯ﹀ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯᠲᠠᠨ ᠡᠯᠰᠡᠬᠦ ᠶᠢ | ᠬᠡᠷᠡᠭᠵᠢᠭᠦᠯᠬᠦ ᠬᠡᠷᠡᠭᠳᠡᠢ︾᠂ ︽ᠶᠡᠭᠡ ᠳᠡᠭᠡᠳᠦ ᠰᠤᠷᠭᠠᠭᠤᠯᠢ ᠵᠡᠷᠭᠡ ᠲᠠᠯᠠᠪᠤᠷ ᠭᠠᠵᠠᠷ ᠲᠤ ︿ᠰᠤᠷᠭᠠᠭᠤᠯᠢ ᠶᠢᠨ | ᠬᠦᠷᠢᠶᠡᠨ ᠳᠤ ᠠᠵᠢᠯᠲᠠᠨ ᠡᠯᠰᠡᠬᠦ﹀᠂ ︿ᠲᠤᠬᠠᠢ ᠶᠢᠨ ᠲᠠᠯᠠᠪᠤᠷ ᠲᠤ ᠠᠵᠢᠯᠲᠠᠨ ᠡᠯᠰᠡᠬᠦ﹀ ᠶᠢ ᠬᠡᠷᠡᠭᠵᠢᠭᠦᠯᠬᠦ ᠵᠢᠴᠢ | ᠲᠣᠭᠲᠠᠭᠠᠯ ᠶᠣᠰᠣᠭᠠᠷ ᠰᠢᠭᠤᠳ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠢᠯᠡ ᠪᠠᠷ ᠠᠵᠢᠯᠲᠠᠨ ᠡᠯᠰᠡᠬᠦ ᠳᠤ᠂ ᠴᠥᠮ | ᠱᠠᠭᠠᠷᠳᠠᠯᠭ᠎ᠠ ᠶᠣᠰᠣᠭᠠᠷ ᠠᠵᠢᠯᠲᠠᠨ ᠡᠯᠰᠡᠬᠦ ᠲᠥᠰᠥᠯ ᠤᠨ ᠳᠠᠩᠰᠠᠯᠠᠭᠤᠯᠬᠤ ᠵᠢᠷᠤᠮ ᠢ ᠭᠦᠢᠴᠡᠳᠬᠡᠬᠦ ᠶᠢᠨ ᠬᠠᠮᠲᠤ | ᠨᠡᠶᠢᠭᠡᠮ ᠳᠤ ᠬᠠᠨᠳᠤᠭᠤᠯᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ ᠬᠡᠷᠡᠭᠲᠡᠶ᠂ ᠨᠥᠬᠦᠴᠡᠯ ᠳᠤ | ᠨᠡᠶᠢᠴᠡᠬᠦ ᠪᠤᠰᠤᠳ ᠬᠥᠮᠥᠰ ᠤᠨ ᠨᠡᠷ᠎ᠡ ᠮᠡᠳᠡᠭᠦᠯᠵᠦ ᠡᠯᠰᠡᠯᠳᠡ ᠳᠤ ᠣᠷᠣᠯᠴᠠᠬᠤ ᠶᠢ ᠬᠢᠵᠠᠭᠠᠷᠯᠠᠵᠤ ᠪᠣᠯᠬᠤ ᠦᠭᠡᠢ︾ ᠭᠡᠵᠦ | ᠲᠣᠭᠲᠠᠭᠠᠵᠠᠢ︔ ᠵᠢᠷᠭᠤᠳᠤᠭᠠᠷ ᠵᠦᠢᠯ ᠳᠤ ︽ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ᠂ ᠰᠢᠨᠵᠢᠯᠡᠭᠡᠨ ᠤ ᠰᠠᠯᠠᠭ᠎ᠠ | ᠲᠤᠰᠬᠠᠢ ᠮᠡᠷᠭᠡᠵᠢᠯ᠂ ᠨᠠᠰᠤ ᠵᠢᠯ᠂ ᠠᠵᠢᠯᠯᠠᠭᠰᠠᠨ ᠣᠨ ᠵᠢᠯ ᠤᠨ ᠬᠢᠵᠠᠭᠠᠷ ᠵᠡᠷᠭᠡ ᠨᠥᠬᠦᠴᠡᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠭᠠᠳᠠᠭᠤᠷᠴᠢᠯᠠᠬᠤ ᠴᠢᠨᠠᠷᠲᠠᠢ᠂ ᠵᠢᠭᠠᠯᠲᠠ ᠶᠢᠨ ᠴᠢᠨᠠᠷᠲᠠᠢ ᠵᠢᠴᠢ ᠵᠦᠢ ᠵᠣᠬᠢᠰ ᠦᠭᠡᠢ ᠬᠢᠵᠠᠭᠠᠷᠯᠠᠬᠤ | ᠴᠢᠨᠠᠷᠲᠠᠢ ᠨᠥᠬᠦᠴᠡᠯ ᠢ ᠲᠣᠬᠢᠷᠠᠭᠤᠯᠵᠤ ᠪᠣᠯᠬᠤ ᠦᠭᠡᠢ︾ ᠭᠡᠵᠦ ᠲᠣᠭᠲᠠᠭᠠᠵᠠᠢ︔ ᠶᠢᠰᠦᠳᠦᠭᠡᠷ ᠵᠦᠢᠯ ᠳᠤ ︽︿ᠲᠣᠪᠴᠢ | ᠨᠠᠮᠲᠠᠷ ᠢᠶᠠᠷ ᠰᠢᠭᠰᠢᠨ ᠰᠣᠩᠭᠤᠬᠤ﹀ ᠵᠡᠷᠭᠡ ᠶᠢ ᠬᠡᠷᠡᠭᠵᠢᠭᠦᠯᠵᠦ ᠦᠭᠡᠢ︾᠂ ᠠᠵᠢᠯᠲᠠᠨ ᠡᠯᠰᠡᠬᠦ ᠵᠢᠷᠤᠮ ᠪᠠ | ᠱᠠᠭᠠᠷᠳᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠪ ᠭᠤᠣᠯᠴᠢ ᠪᠠᠷ ᠥᠷᠢᠰᠥᠯᠳᠦᠬᠦ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠳᠡᠢ ᠭᠡᠵᠦ ᠲᠣᠭᠲᠠᠭᠠᠪᠠ᠃ | ᠲᠠᠪᠤ᠂ ︽ᠮᠡᠳᠡᠭᠳᠡᠯ︾ ᠳᠤ ᠠᠵᠢᠯᠲᠠᠨ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠲᠣᠭᠲᠠᠭᠠᠭᠰᠠᠨ ᠪᠤᠢ︖ | ᠬᠠᠷᠢᠭᠤᠯᠲᠠ᠄ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ︵ᠨᠢᠭᠡᠴᠢ︶ ᠤᠨ ᠢᠯᠡ ᠪᠠᠷ ᠠᠵᠢᠯᠲᠠᠨ ᠡᠯᠰᠡᠬᠦ | ᠠᠵᠢᠯ ᠤᠨ ᠳᠤᠮᠳᠠ ᠣᠷᠣᠰᠢᠵᠤ ᠪᠠᠶᠢᠭ᠎ᠠ ᠭᠠᠷᠭᠠᠭᠰᠠᠠᠨ ᠰᠡᠳᠦᠪ ᠤᠨ ᠶᠠᠰᠤ ᠴᠢᠨᠠᠷ ᠥᠨᠳᠥᠷ ᠪᠢᠰᠢ᠂ ᠰᠢᠯᠭᠠᠯᠲᠠ ᠶᠢᠨ | ᠶᠠᠪᠤᠳᠠᠯ ᠢ ᠨᠠᠶᠢᠳᠠᠵᠣ ᠭᠦᠢᠴᠡᠳᠬᠡᠯᠭᠡᠬᠦ ᠵᠠᠮᠪᠠᠷᠠᠭ᠎ᠠ ᠦᠭᠡᠢ ᠦᠵᠡᠭᠳᠡᠯ ᠵᠢᠴᠢ ᠳᠡᠭᠡᠳᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠬᠡᠮ ᠦᠢᠯᠡᠳᠬᠦ ᠵᠡᠷᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠠᠰᠠᠭᠤᠳᠠᠯ ᠳᠤ ᠴᠢᠭᠯᠡᠭᠦᠯᠦᠨ᠂ ︽ | ᠮᠡᠳᠡᠭᠳᠡᠯ︾ ᠤᠨ ᠳᠥᠷᠪᠡᠳᠦᠭᠡᠷ ᠬᠡᠰᠡᠭ ᠲᠤ ︽ᠠᠵᠢᠯᠲᠠᠨ ᠡᠯᠰᠡᠬᠦ ᠰᠢᠯᠭᠠᠯᠲᠠ ᠶᠢᠨ ᠬᠠᠨᠳᠤᠯᠭᠠᠲᠤ ᠴᠢᠨᠠᠷ ᠪᠠ ᠰᠢᠨᠵᠢᠯᠡᠬᠦ | ᠤᠬᠠᠭᠠᠨᠴᠢ ᠴᠢᠨᠠᠷ ᠢ ᠴᠢᠩᠭᠠᠳᠬᠠᠬᠤ︾᠂ ᠲᠠᠪᠤᠳᠤᠭᠠᠷ ᠬᠡᠰᠡᠭ ᠲᠤ ︽ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠬᠤ | ︾ ᠬᠡᠰᠡᠭ ᠲᠤ ᠴᠥᠮ ᠠᠵᠢᠯᠲᠠᠨ ᠡᠯᠰᠡᠬᠦ ᠰᠢᠯᠭᠠᠯᠲᠠ ᠶᠢᠨ ᠰᠡᠳᠦᠪ ᠭᠠᠷᠭᠠᠬᠤ᠂ ᠰᠢᠯᠭᠠᠯᠲᠠ ᠶᠢᠨ ᠶᠠᠪᠤᠳᠠᠯ ᠢ ᠵᠣᠬᠢᠶᠠᠨ | ᠪᠠᠶᠢᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠵᠢᠷᠤᠮᠵᠢᠯ ᠤᠨ ᠴᠢᠨᠠᠷᠲᠠᠢ ᠱᠠᠭᠠᠷᠳᠠᠯᠭ᠎ᠠ ᠭᠠᠷᠭᠠᠵᠤ᠂ ᠲᠤᠰᠬᠠᠢ | ᠮᠡᠷᠭᠡᠵᠢᠯ ᠤᠨ ᠴᠢᠨᠠᠷ᠂ ᠠᠶᠤᠯᠭᠦᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠬᠦᠴᠦᠯᠡᠨ ᠳᠡᠭᠡᠭᠰᠢᠯᠡᠭᠦᠯᠪᠡ᠃ ᠡᠭᠦᠨ ᠳᠤ᠂ | ᠠᠷᠪᠠᠳᠤᠭᠠᠷ ᠵᠦᠢᠯ ᠳᠤ ︽ᠰᠡᠳᠦᠪ ᠭᠠᠷᠭᠠᠬᠤ ᠠᠵᠢᠯ ᠤᠨ ᠳᠦᠷᠢᠮ ᠪᠠ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ | ᠰᠢᠯᠭᠠᠯᠲᠠ ᠶᠢᠨ ᠰᠡᠳᠦᠪ ᠢ ᠬᠠᠭᠤᠯᠵᠤ ᠡᠪᠯᠡᠭᠦᠯᠬᠦ᠂ ᠳᠠᠬᠢᠨ ᠳᠠᠪᠲᠠᠨ ᠬᠡᠷᠡᠭᠯᠡᠬᠦ ᠵᠡᠷᠭᠡ ᠠᠰᠠᠭᠤᠳᠠᠯ ᠢᠯᠡᠷᠡᠬᠦ ᠠᠴᠠ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠶ︾᠂ ︽ᠨᠠᠶᠢᠳᠠᠵᠤ ᠰᠡᠳᠦᠪ ᠭᠠᠷᠭᠠᠯᠭᠠᠭᠰᠠᠨ ᠪᠠᠶᠢᠪᠠᠯ᠂ ᠲᠤᠰᠬᠠᠢ ᠮᠡᠷᠭᠡᠵᠢᠯ ᠤᠨ ᠬᠢᠷᠢ | ᠬᠡᠮᠵᠢᠶ᠎ᠡ ᠪᠠᠷ ᠥᠨᠳᠥᠷ᠂ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠵᠡᠷᠭᠡ ᠨᠥᠬᠦᠴᠡᠯ ᠳᠤ ᠨᠡᠶᠢᠴᠡᠭᠰᠡᠨ ᠰᠢᠯᠭᠠᠯᠲᠠ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠵᠤ ᠰᠡᠳᠦᠪ ᠭᠠᠷᠭᠠᠬᠤ ᠠᠵᠢᠯ ᠢ ᠡᠭᠦᠷᠭᠡᠯᠡᠭᠦᠯᠬᠦ ᠬᠡᠷᠡᠭᠲᠡᠶ︾ ᠭᠡᠵᠦ | ᠲᠣᠭᠲᠠᠭᠠᠵᠠᠢ︔ ᠠᠷᠪᠠᠨ ᠨᠢᠭᠡᠳᠦᠭᠡᠷ ᠵᠦᠢᠯ ᠳᠤ ︽ᠨᠢᠭᠤᠷᠲᠠᠨ ᠰᠢᠯᠭᠠᠬᠤ ᠭᠠᠵᠠᠷ ᠲᠤ ᠳᠦᠷᠰᠦ ᠰᠢᠩᠭᠡᠭᠡᠯᠲᠡ᠂ ᠲᠠᠭᠤ | ᠰᠢᠩᠭᠡᠭᠡᠯᠲᠡ ᠶᠢᠨ ᠲᠣᠨᠤᠭ ᠲᠥᠬᠦᠭᠡᠷᠦᠮᠵᠢ ᠲᠣᠬᠢᠷᠠᠭᠤᠯᠵᠤ᠂ ᠨᠢᠭᠤᠷᠲᠠᠨ ᠰᠢᠯᠭᠠᠭᠰᠠᠨ ᠶᠠᠪᠤᠴᠠ ᠶᠢ ᠪᠥᠬᠦᠨ ᠢ ᠲᠡᠮᠳᠡᠭᠯᠡᠬᠦ | ᠬᠡᠷᠡᠭᠲᠡᠶ︾ ᠭᠡᠵᠦ ᠲᠣᠭᠲᠠᠭᠠᠵᠠᠢ︔ ᠠᠷᠪᠠᠨ ᠬᠤᠶᠠᠳᠤᠭᠠᠷ ᠵᠦᠢᠯ ᠳᠤ ︽ᠰᠢᠯᠭᠠᠯᠲᠠ ᠶᠢᠨ ᠴᠡᠭ ᠢ ᠲᠣᠬᠢᠷᠠᠭᠤᠯᠬᠤ ᠵᠢᠴᠢ | ᠲᠡᠭᠦᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠨᠢ ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ᠂ | ᠨᠢᠭᠤᠴᠠ ᠶᠢ ᠬᠠᠮᠠᠭᠠᠯᠠᠬᠤ᠂ ᠠᠮᠤᠷ ᠲᠦᠪᠰᠢᠨ ᠵᠡᠷᠭᠡ ᠠᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ | ᠪᠥᠭᠡᠳ ᠪᠦᠲᠦᠮᠵᠢᠲᠡᠢ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠬᠡᠮ ᠬᠢᠬᠦ ᠦᠢᠯᠡ ᠠᠵᠢᠯᠯᠠᠭ᠎ᠠ ᠠᠴᠠ ᠰᠡᠷᠭᠡᠶᠢᠯᠡᠬᠦ | ᠬᠡᠷᠡᠭᠲᠡᠶ︾ ᠭᠡᠬᠦ ᠮᠡᠲᠦ ᠪᠠᠷ ᠲᠣᠭᠲᠠᠭᠠᠵᠤ᠂ ᠢᠯᠡ ᠪᠠᠷ ᠠᠵᠢᠯᠲᠠᠨ ᠡᠯᠰᠡᠬᠦ ᠠᠵᠢᠯ ᠤᠨ ᠠᠮᠤᠷ ᠲᠦᠪᠰᠢᠨ᠂ ᠲᠣᠭᠲᠠᠭᠤᠨ᠂ | ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ | ᠵᠢᠷᠭᠤᠭ᠎ᠠ᠂ ︽ᠮᠡᠳᠡᠭᠳᠡᠯ︾ ᠳᠤ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠲᠣᠭᠲᠠᠭᠠᠭᠰᠠᠨ ᠪᠤᠢ︖ | ᠬᠠᠷᠢᠭᠤᠯᠲᠠ᠄ ᠲᠤᠰᠬᠠᠢ ᠵᠦᠢᠯ ᠢᠶᠠᠷ ᠠᠵᠢᠯᠲᠠᠨ ᠡᠯᠰᠡᠬᠦ᠂ ᠬᠤᠪᠢ ᠨᠡᠮᠡᠬᠦ ᠵᠡᠷᠭᠡ ᠪᠣᠯ ᠠᠵᠢᠯ ᠦᠢᠯᠡᠰ ᠤᠨ | ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠶᠢᠨ ᠬᠡᠯᠪᠠᠶᠢᠯᠭᠡᠬᠦ ᠲᠥᠷᠥ ᠶᠢᠨ ᠪᠣᠳᠣᠯᠭ᠎ᠠ ᠳᠤ ᠲᠣᠭᠠᠴᠠᠭᠳᠠᠨ᠎ᠠ᠂ ᠲᠥᠪ ᠤᠨ | ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢᠨ ᠲᠤᠬᠠᠢ ᠲᠣᠳᠣᠷᠬᠠᠢ ᠲᠣᠭᠲᠠᠭᠠᠯ ᠪᠣᠢ᠂ | ᠵᠢᠱᠢᠶᠡᠯᠡᠪᠡᠯ ᠴᠡᠷᠢᠭ ᠤᠨ ᠠᠯᠪᠠ ᠠᠴᠠ ᠬᠠᠯᠠᠭᠳᠠᠭᠰᠠᠳ᠂ ᠤᠯᠤᠰ ᠠᠴᠠ ᠪᠠᠶᠢᠭᠤᠯᠤᠭᠰᠠᠨ ᠦᠨᠳᠦᠰᠦᠨ ᠱᠠᠲᠤᠨ ᠤ | ᠦᠢᠯᠡᠴᠢᠯᠡᠭᠡᠨ ᠤ ᠲᠥᠷᠥᠯ ᠵᠦᠢᠯ ᠳᠤ ᠦᠢᠯᠡᠴᠢᠯᠡᠵᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ | ᠬᠥᠮᠥᠰ ᠲᠤ ᠬᠠᠨᠳᠤᠭᠤᠯᠤᠭᠰᠠᠨ ᠠᠵᠢᠯ ᠦᠢᠯᠡᠰ ᠤᠨ ᠨᠢᠭᠡᠴᠢ ᠶᠢᠨ ᠲᠤᠰᠬᠠᠢ ᠵᠦᠢᠯ ᠢᠶᠠᠷ ᠠᠵᠢᠯᠲᠠᠨ ᠡᠯᠰᠡᠬᠦ ᠲᠥᠷᠥ ᠶᠢᠨ | ᠪᠣᠳᠣᠯᠭ᠎ᠠ ᠵᠡᠷᠭᠡ ᠪᠣᠯᠣᠨ᠎ᠠ᠃ ᠭᠡᠪᠡᠴᠦ ᠦᠢᠯᠡᠳᠦᠯᠭᠡ ᠳᠤᠮᠳᠠ᠂ ᠵᠠᠷᠢᠮ ᠭᠠᠵᠠᠷ ᠣᠷᠣᠨ ᠤ ᠬᠢᠨ ᠬᠡᠯᠪᠠᠶᠢᠯᠭᠡᠬᠦ ᠲᠥᠷᠥ ᠶᠢᠨ | ᠪᠣᠳᠣᠯᠭ᠎ᠠ ᠶᠢ ᠥᠪᠡᠰᠦᠪᠡᠨ ᠲᠣᠭᠲᠠᠭᠠᠨ ᠨᠡᠶᠢᠲᠡᠯᠡᠬᠦ ᠪᠤᠶᠤ ᠤᠯᠤᠰ ᠠᠴᠠ ᠲᠣᠭᠲᠠᠭᠠᠭᠰᠠᠨ ᠬᠡᠯᠪᠠᠶᠢᠯᠭᠡᠬᠦ ᠲᠥᠷᠥ ᠶᠢᠨ | ᠪᠣᠳᠣᠯᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ᠂ ᠲᠥᠷᠥ ᠶᠢᠨ ᠪᠣᠳᠣᠯᠭ᠎ᠠ ᠶᠢ ᠲᠡᠩᠴᠡᠭᠦᠷᠢ ᠦᠭᠡᠢ ᠪᠣᠯᠭᠠᠵᠤ | ᠂ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠢ ᠵᠥᠷᠢᠴᠡᠵᠦ ᠪᠠᠶᠢᠨ᠎ᠠ᠃ ᠠᠵᠢᠯ ᠦᠢᠯᠡᠰ ᠤᠨ ᠨᠢᠭᠡᠴᠢ ᠶᠢᠨ ᠢᠯᠡ ᠪᠠᠷ | ᠠᠵᠢᠯᠲᠠᠨ ᠡᠯᠰᠡᠬᠦ ᠠᠵᠢᠯ ᠤᠨ ᠲᠥᠪ ᠭᠤᠣᠯᠴᠢ ᠴᠢᠨᠠᠷ᠂ ᠲᠥᠪ ᠴᠢᠩᠭ᠎ᠠ ᠴᠢᠨᠠᠷ ᠢ ᠬᠠᠮᠠᠭᠠᠯᠠᠬᠤ ᠶᠢᠨ ᠲᠥᠯᠥᠭᠡ᠂ ︽ | ᠮᠡᠳᠡᠭᠳᠡᠯ︾ ᠤᠨ ᠠᠷᠪᠠᠨ ᠭᠤᠷᠪᠠᠳᠤᠭᠠᠷ ᠵᠦᠢᠯ ᠳᠤ ︽ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ | ᠨᠢᠭᠡᠴᠢ ᠶᠢᠨ ᠬᠢᠨ ᠣᠨᠴᠠ ᠲᠣᠭᠲᠠᠭᠰᠠᠨ ᠬᠥᠮᠥᠰ ᠲᠤ ᠬᠠᠨᠳᠤᠭᠤᠯᠤᠭᠰᠠᠨ ᠲᠤᠰᠬᠠᠢ ᠵᠦᠢᠯ ᠢᠶᠠᠷ ᠠᠵᠢᠯᠲᠠᠨ ᠡᠯᠰᠡᠬᠦ᠂ | ᠬᠤᠪᠢ ᠨᠡᠮᠡᠬᠦ ᠵᠡᠷᠭᠡ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠳᠤ ᠬᠡᠯᠪᠠᠶᠢᠯᠭᠡᠬᠦ ᠲᠥᠷᠥ ᠶᠢᠨ | ᠪᠣᠳᠣᠯᠭ᠎ᠠ ᠶᠢ ᠥᠪᠡᠰᠦᠪᠡᠨ ᠲᠣᠭᠲᠠᠭᠠᠵᠤ ᠪᠣᠯᠬᠤ ᠦᠭᠡᠢ᠂ ᠤᠯᠤᠰ ᠤᠨ ᠲᠣᠭᠲᠠᠭᠠᠭᠰᠠᠨ ᠬᠡᠯᠪᠠᠶᠢᠯᠭᠡᠬᠦ ᠲᠥᠷᠥ ᠶᠢᠨ | ᠪᠣᠳᠣᠯᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ︾ ᠭᠡᠵᠦ ᠲᠣᠳᠣᠷᠬᠠᠢ ᠱᠠᠭᠠᠷᠳᠠᠭᠰᠠᠨ | ᠪᠠᠶᠢᠨ᠎ᠠ᠃ ᠡᠭᠦᠨ ᠤ ᠬᠠᠮᠲᠤ᠂ ᠣᠷᠣᠨ ᠨᠤᠲᠤᠭ ᠤᠨ ᠠᠵᠢᠯ ᠤᠨ ᠪᠣᠳᠠᠲᠠᠢ ᠪᠠᠶᠢᠳᠠᠯ ᠢ ᠪᠣᠳᠣᠯᠬᠢᠯᠠᠨ᠂ ᠲᠥᠷᠥ ᠶᠢᠨ | ᠪᠣᠳᠣᠯᠭ᠎ᠠ ᠶᠢ ᠵᠠᠯᠭᠠᠯᠳᠤᠭᠤᠯᠤᠨ ᠰᠢᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠯᠪᠣᠭᠳᠠᠯ ᠪᠦᠬᠦᠢ | ᠬᠥᠮᠥᠰ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠲᠠᠷᠠᠭᠠᠴᠢ ᠶᠢᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠠᠪᠤᠴᠠ ᠳᠤ ᠡᠯ᠎ᠡ ᠭᠠᠵᠠᠷ ᠤᠨ ᠬᠢᠨ ᠢ ᠵᠢᠯᠣᠭᠤᠳᠤᠨ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ | ᠣᠨᠣᠪᠴᠢᠲᠠᠢ ᠡᠵᠡᠮᠰᠢᠭᠦᠯᠵᠦ᠂ ᠪᠠᠶᠢᠳᠠᠯ ᠢ ᠨᠢ ᠢᠯᠭᠠᠨ ᠣᠳᠣ ᠶᠢᠨ ᠬᠡᠷᠡᠭᠵᠢᠭᠦᠯᠵᠦ ᠪᠠᠶᠢᠭ᠎ᠠ ᠬᠡᠯᠪᠠᠶᠢᠯᠭᠡᠬᠦ ᠲᠥᠷᠥ ᠶᠢᠨ | ᠪᠣᠳᠣᠯᠭ᠎ᠠ ᠶᠢ ᠳᠦᠷᠢᠮᠵᠢᠭᠦᠯᠵᠦ᠂ ᠦᠨᠡᠨᠬᠦ ᠦᠷᠬᠦᠯᠵᠢᠯᠡᠨ ᠬᠡᠷᠡᠭᠵᠢᠭᠦᠯᠬᠦ ᠴᠢᠬᠤᠯᠠᠲᠠᠢ ᠪᠠᠶᠢᠪᠠᠯ ᠵᠢᠷᠤᠮ ᠶᠣᠰᠣᠭᠠᠷ | ᠦᠯᠡᠳᠡᠭᠡᠵᠦ᠂ ᠬᠤᠯᠪᠣᠭᠳᠠᠯ ᠪᠦᠬᠦᠢ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠨ ᠪᠥᠭᠡᠳ ᠡᠮᠬᠢ | ᠵᠢᠷᠤᠮ ᠲᠠᠢ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ | ᠲᠤᠯᠤᠭ᠎ᠠ᠂ ︽ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠪᠣᠳᠠᠲᠠᠢ | ᠪᠠᠶᠢᠷᠢᠯᠠᠭᠤᠯᠤᠯᠲᠠ ᠬᠢᠭᠰᠡᠨ ᠪᠤᠢ︖ | ᠬᠠᠷᠢᠭᠤᠯᠲᠠ᠄ ︽ᠮᠡᠳᠡᠭᠳᠡᠯ︾ ᠪᠣᠯ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠳᠦᠷᠢᠮ ᠤᠨ | ᠰᠢᠰᠲ᠋ᠧᠮ ᠢ ᠲᠡᠭᠦᠯᠳᠡᠷᠵᠢᠭᠦᠯᠬᠦ ᠵᠢᠷᠤᠮᠵᠢᠯ ᠤᠨ ᠴᠢᠨᠠᠷᠲᠠᠢ ᠴᠢᠬᠤᠯᠠ ᠪᠢᠴᠢᠭ ᠮᠠᠲ᠋ᠧᠷᠢᠶᠠᠯ ᠮᠥᠨ᠂ ᠪᠢᠳᠡ ᠤᠯᠠᠨ ᠵᠦᠢᠯ ᠤᠨ | ᠬᠡᠯᠪᠡᠷᠢ ᠪᠠᠷ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠨ᠎ᠠ᠃ ᠵᠠᠭᠤᠴᠢᠯᠠᠭᠤᠷ ᠲᠤ ᠲᠦᠰᠢᠭᠯᠡᠨ ᠰᠢᠷᠢᠰ | ᠤᠬᠠᠭᠤᠯᠭ᠎ᠠ ᠶᠢ ᠥᠷᠨᠢᠭᠦᠯᠵᠦ᠂ ᠬᠤᠷᠠᠯ᠂ ᠪᠣᠯᠪᠠᠰᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢ | ᠬᠥᠲᠥᠯᠥᠨ ᠵᠢᠯᠤᠭᠤᠳᠴᠤ ᠲᠥᠷᠥ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠭᠦᠯᠵᠦ᠂ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠦᠨ᠎ᠡ᠃ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ | ᠣᠶᠢᠯᠠᠭᠠᠵᠤ᠂ ᠵᠣᠬᠢᠶᠠᠨ ᠪᠠᠶᠢᠭᠤᠯᠤᠨ ᠵᠢᠯᠤᠭᠤᠳᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ︽ᠮᠡᠳᠡᠭᠳᠡᠯ︾ | ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠦᠨᠡᠨᠬᠦ ᠪᠠᠲᠤᠯᠠᠨ᠎ᠠ᠃ |