1-8 ᠳ᠋ᠤᠭᠠᠷ ᠰᠠᠷ᠎ᠠ ᠳᠤ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠨᠡᠮᠡᠭᠳᠡᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/10/22
     1-8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ 8.41 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ᠂ ᠣᠷᠣᠨ ᠤ ᠳᠣᠲᠣᠷᠠᠬᠢ ᠭᠤᠷᠪᠠᠨ ᠶᠡᠭᠡ ᠲᠦᠭᠦᠬᠡᠶ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠤ ᠳᠣᠲᠣᠷ᠎ᠠ᠂ ᠣᠷᠳᠣᠰ ᠬᠤᠲᠠ ᠶᠢᠨ ᠳᠠᠶᠢᠴᠢᠯᠠᠬᠤ ᠦᠢᠯᠡᠳᠦᠯ ᠢᠯᠡᠷᠬᠡᠶ ᠪᠠᠶᠢᠵᠤ᠂ 1-8 ᠳ᠋ᠤᠭᠠᠷ ᠰᠠᠷ᠎ᠠ ᠳᠤ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 5.77 ᠳ᠋ᠦᠩᠰᠢᠭᠤᠷ ᠲᠣᠨ ᠳᠤ ᠬᠦᠷᠴᠦ᠂ ᠪᠥᠬᠦ ᠣᠷᠣᠨ ᠤ 68.7% ᠶᠢ ᠡᠵᠡᠯᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢ 3.2 ᠵᠠᠭᠤᠨ ᠤ ᠬᠤᠪᠢ ᠶᠢᠨ ᠴᠡᠭ ᠨᠡᠮᠡᠭᠳᠡᠪᠡ︔ ᠰᠢᠯᠢ ᠶᠢᠨ ᠭᠤᠣᠯ ᠠᠶᠢᠮᠠᠭ ᠤᠨ ᠨᠡᠭᠦᠷᠡᠰᠦᠨ ᠤ ᠭᠠᠷᠤᠯᠲᠠ 9465 ᠲᠦᠮᠡᠨ ᠲᠣᠨ ᠳᠤ ᠬᠦᠷᠴᠦ᠂ 7.6% ᠪᠠᠷ ᠨᠡᠮᠡᠭᠳᠡᠵᠦ᠂ ᠪᠦᠬᠦ ᠣᠷᠣᠨ ᠤ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.8 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ︔ ᠬᠥᠯᠥᠨ ᠪᠤᠶᠢᠷ ᠬᠤᠲᠠ ᠶᠢᠨ ᠨᠡᠭᠦᠷᠡᠰᠦᠨ ᠤ ᠭᠠᠷᠤᠯᠲᠠ 3.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1-7 ᠳ᠋ᠤᠭᠠᠷ ᠰᠠᠷ᠎ᠠ ᠶᠢᠨ ᠬᠢ ᠠᠴᠠ 0.5 ᠵᠠᠭᠤᠨ ᠤ ᠬᠤᠪᠢ ᠶᠢᠨ ᠴᠡᠭ ᠥᠷᠭᠡᠳᠴᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号