1-8 ᠳ᠋ᠤᠭᠠᠷ ᠰᠠᠷ᠎ᠠ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠤᠶᠠᠷ ᠴᠢᠬᠤᠯᠠ︾ ︽ᠬᠤᠶᠠᠷ ᠰᠢᠨ᠎ᠡ︾ | ᠵᠡᠷᠭᠡ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ | ᠂ ᠪᠥᠬᠦ ᠵᠢᠯ ᠤᠨ ᠬᠠᠷᠠᠯᠲᠠ ᠡᠭᠦᠷᠭᠡ ᠪᠠᠨ ᠭᠤᠶᠢᠪᠢᠰᠢ ᠥᠬᠡᠶ ᠪᠠᠷᠢᠮᠲᠠᠯᠠᠨ᠂ ᠪᠥᠬᠦ ᠬᠦᠴᠦᠨ ᠢᠶᠠᠷ ᠢᠶᠠᠨ ᠨᠡᠮᠡᠭᠳᠡᠯ ᠢ | ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠤᠨ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ | ᠡᠷᠭᠢᠯᠲᠡ ᠶᠢᠨ ᠪᠠᠶᠢᠳᠠᠯ ᠢ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠵᠢᠯᠯᠠᠵᠤ᠂ ᠰᠢᠨ᠎ᠡ ᠬᠥᠳᠡᠯᠭᠡᠭᠴᠢ | ᠡᠨᠧᠷᠭᠢ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ | 1-8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ᠃ ᠭᠤᠷᠪᠠᠨ ᠶᠡᠭᠡ ᠲᠥᠷᠥᠯ | ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 5.2% ᠢᠶᠠᠷ ᠨᠡᠮᠡᠭᠳᠡᠵᠦ᠂ ᠦᠢᠯᠡᠳᠬᠦ ᠦᠢᠯᠡᠰ 9.9% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ | ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 10.8% ᠪᠠᠷ ᠨᠡᠮᠡᠭᠳᠡᠪᠡ᠃ | ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ | ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠬᠤᠪᠢ | ᠣᠷᠣᠭᠤᠯᠬᠤ ᠳᠦᠷᠢᠮᠲᠦ ᠠᠵᠤ ᠠᠬᠤᠶᠢᠯᠠᠯ 7.8% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ | ᠰᠢᠶᠠᠩᠭᠠᠩ ᠣᠣᠮᠧᠨ ᠲᠠᠶᠢᠸᠠᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 4.3% ᠪᠠᠷ ᠨᠡᠮᠡᠭᠳᠡᠵᠦ᠂ | ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 7.9% ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠠᠴᠠ | ᠦᠵᠡᠪᠡᠯ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 43. | 5% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 32.4% ᠪᠠᠷ | ᠨᠡᠮᠡᠭᠳᠡᠵᠦ᠂ ᠲᠤᠰ ᠲᠤᠰ 1-7 ᠰᠠᠷ᠎ᠠ ᠶᠢᠨ ᠬᠢ ᠠᠴᠠ 2.2 ᠪᠠ 0.3 ᠵᠠᠭᠤᠨ ᠤ ᠬᠤᠪᠢ ᠶᠢᠨ ᠴᠡᠭ ᠲᠦᠷᠭᠡᠨ | ᠪᠣᠯᠪᠠ᠃ ᠭᠤᠤᠯ ᠪᠣᠯᠬᠤ ᠦᠢᠯᠡᠳᠬᠦᠨ ᠠᠴᠠ ᠦᠵᠡᠪᠡᠯ᠂ ᠨᠡᠭᠦᠷᠡᠰᠦᠨ ᠤ ᠭᠠᠷᠤᠯᠲᠠ 8.4 ᠳ᠋ᠦᠩᠰᠢᠭᠤᠷ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ | 5344.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 10.4% ᠪᠠᠷ ᠨᠡᠮᠡᠭᠳᠡᠪᠡ᠃ ᠡᠭᠦᠨ ᠳᠤ᠂ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1195.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 21. | 6% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠶ ᠶᠢᠨ | ᠨᠢᠭᠡᠳᠪᠦᠷᠢ ᠶᠢᠨ ᠭᠠᠷᠤᠯᠲᠠ ᠲᠣᠰ ᠲᠣᠰ 58.8%᠂ 128.2% ᠪᠠ 280.4% ᠨᠡᠮᠡᠭᠳᠡᠪᠡ᠃ 1-7 | ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 16507.3 ᠳ᠋ᠦᠩᠰᠢᠭᠤᠷ ᠲᠥᠭᠦᠷᠢᠭ ᠲᠤ ᠬᠦᠷᠴᠦ᠂ | ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 1804.9 ᠳ᠋ᠦᠩᠰᠢᠭᠤᠷ ᠲᠥᠭᠦᠷᠢᠭ ᠲᠤ ᠬᠥᠷᠪᠡ᠃ | | ᠬᠤᠶᠠᠷ᠂ ᠪᠡᠯᠡ ᠣᠷᠣᠭᠤᠯᠤᠯᠲᠠ ᠲᠦᠷᠭᠡᠨ ᠨᠡᠮᠡᠭᠳᠡᠯ ᠢᠶᠠᠨ ᠪᠠᠲᠤᠯᠠᠵᠤ᠂ ᠨᠢᠭᠡᠳᠦᠭᠡᠷ ᠠᠵᠤ ᠦᠢᠯᠡᠰ ᠤᠨ | ᠪᠡᠯᠡ ᠣᠷᠣᠭᠤᠯᠤᠯᠲᠠ ᠡᠷᠴᠢᠮᠲᠡᠢ ᠨᠡᠮᠡᠭᠳᠡᠪᠡ᠃ | 1-8 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠪᠡ᠃ | ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ 9.4% ᠪᠠᠷ | ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 7.1% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 3.4% ᠪᠠᠷ ᠪᠠᠭᠤᠷᠠᠵᠤ᠂ ᠠᠷᠠᠳ ᠤᠨ ᠳᠤᠮᠳᠠᠬᠢ ᠪᠠᠯᠠ | ᠣᠷᠣᠭᠤᠯᠤᠯᠲᠠ 5.0% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 56.8% ᠨᠡᠮᠡᠭᠳᠡᠵᠦ᠂ ᠬᠤᠶᠠᠳᠤᠭᠠᠷ | ᠠᠵᠤ ᠦᠢᠯᠡᠰ ᠤᠨ ᠪᠠᠯᠠ ᠣᠷᠣᠭᠤᠯᠤᠯᠲᠠ 11.9% ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ 3.8% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ | ᠪᠠᠯᠠ ᠣᠷᠣᠭᠤᠯᠤᠯᠲᠠ 11. 8% ᠪᠠᠷ ᠨᠡᠮᠡᠭᠳᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠵᠦ᠂ ᠪᠣᠬᠢᠷᠲᠤᠯ ᠥᠬᠡᠶ ᠣᠶᠤᠨᠴᠢ | ᠬᠡᠷᠡᠭᠯᠡᠭᠡ ᠶᠢᠨ ᠨᠡᠮᠡᠭᠳᠡᠯ ᠨᠡᠯᠢᠶᠡᠳ ᠲᠦᠷᠭᠡᠨ ᠪᠣᠯᠪᠠ᠃ | 1-8 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 3427.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠦ᠂ 1-7 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ | ᠬᠤᠪᠢ ᠶᠢᠨ ᠴᠡᠭ ᠲᠦᠷᠭᠡᠳᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.1% ᠪᠠᠷ ᠨᠡᠮᠡᠭᠳᠡᠵᠦ᠂ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.0% ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ | ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 9.4% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠬᠤ | ᠣᠷᠣᠯᠭ᠎ᠠ 2.5% ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠬᠡᠰᠡᠭ ᠲᠠᠸᠠᠷ ᠤᠨ | ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ | ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 19.6% ᠪᠠᠷ ᠨᠡᠮᠡᠭᠳᠡᠵᠦ᠂ | ᠤᠮᠳᠠᠭᠠᠨ ᠤ ᠲᠥᠷᠥᠯ 25.1% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ 15.3% ᠪᠠᠷ | ᠨᠡᠮᠡᠭᠳᠡᠪᠡ᠃ ᠬᠡᠰᠡᠭ ᠳᠡᠰ ᠳᠡᠪᠰᠢᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ | ᠨᠡᠯᠢᠶᠡᠳ ᠲᠦᠷᠭᠡᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠲᠥᠷᠥᠯ ᠤᠨ ᠲᠠᠸᠠᠷ 72.5% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 95. | 2% ᠢᠶᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ 66.4% ᠪᠠᠷ ᠨᠡᠮᠡᠭᠳᠡᠪᠡ | ᠃ | ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠪᠠ᠃ | 8 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ | ᠠᠳᠠᠯᠢ ᠬᠤᠭᠤᠴᠠᠭᠠᠨ ᠤ ᠬᠢ ᠠᠴᠠ 0.2% ᠢᠶᠠᠷ ᠥᠰᠴᠦ᠂ ᠥᠰᠥᠯᠲᠡ ᠶᠢᠨ ᠬᠡᠮᠵᠢᠶ᠎ᠡ ᠨᠢ ᠲᠦᠷᠦᠭᠦᠦ | ᠰᠠᠷ᠎ᠠ ᠶᠢᠨ ᠬᠢ ᠲᠠᠢ ᠲᠡᠩᠴᠡᠪᠡ᠃ ᠡᠭᠦᠨ ᠳᠤ᠂ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ | ᠬᠠᠩᠰᠢ 0.2% ᠢᠶᠠᠷ ᠥᠰᠴᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ | 0.3% ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ | ᠠᠳᠠᠯᠢ ᠬᠤᠭᠤᠴᠠᠭᠠᠨ ᠤ ᠬᠢ ᠠᠴᠠ 0.4% ᠪᠠᠷ ᠥᠰᠴᠦ᠂ ᠬᠤᠪᠴᠠᠰᠤ ᠬᠤᠨᠠᠷ ᠤᠨ ᠦᠨ᠎ᠡ ᠬᠠᠩᠰᠢ 1. | 3% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ ᠠᠳᠠᠯᠢ ᠪᠠᠶᠢᠵᠤ᠂ ᠠᠮᠢᠳᠤᠷᠠᠯ ᠤᠨ ᠬᠡᠷᠡᠭᠰᠡᠯ ᠵᠢᠴᠢ | ᠦᠢᠯᠡᠴᠢᠯᠡᠭᠡᠨ ᠤ ᠦᠨ᠎ᠡ ᠬᠠᠩᠰᠢ 2.0% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠦᠨ᠎ᠡ | ᠬᠠᠩᠰᠢ 2.7% ᠪᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 1. | 5% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 0.1% ᠪᠠᠷ ᠥᠰᠴᠦ᠂ ᠪᠤᠰᠤᠳ ᠬᠡᠷᠡᠭᠰᠡᠯ | ᠵᠢᠴᠢ ᠦᠢᠯᠡᠴᠢᠯᠡᠭᠡᠨ ᠤ ᠦᠨ᠎ᠡ ᠬᠠᠩᠰᠢ 5.2% ᠢᠶᠠᠷ ᠥᠰᠴᠡᠶ᠃ 1-8 ᠳ᠋ᠤᠭᠠᠷ ᠰᠠᠷ᠎ᠠ ᠳᠤ᠂ ᠪᠥᠬᠦ ᠣᠷᠣᠨ ᠤ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0.4% ᠪᠠᠷ ᠥᠰᠴᠦ᠂ | ᠥᠰᠥᠯᠲᠡ ᠶᠢᠨ ᠬᠡᠮᠵᠢᠶ᠎ᠡ ᠨᠢ 1-7 ᠳ᠋ᠤᠭᠠᠷ ᠰᠠᠷ᠎ᠠ ᠶᠢᠨ ᠬᠢ ᠲᠠᠢ ᠲᠡᠩᠴᠡᠪᠡ︔ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠨᠡᠶᠢᠲᠡ 3.8% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ 1-7 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠪᠠᠭᠠᠰᠴᠠᠶ᠃ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠬᠠᠩᠰᠢ ᠨᠡᠶᠢᠲᠡ 2.7% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1-7 ᠳ᠋ᠤᠭᠠᠷ ᠰᠠᠷ᠎ᠠ ᠶᠢᠨ ᠬᠢ ᠠᠴᠠ 0.3 ᠵᠠᠭᠤᠨ ᠤ ᠬᠤᠪᠢ ᠶᠢᠨ | ᠴᠡᠭ ᠪᠠᠭᠠᠰᠴᠠᠶ᠃ | ᠶᠡᠷᠦᠩᠬᠡᠶ ᠳᠤᠨᠢ ᠠᠪᠴᠤ ᠦᠵᠡᠪᠡᠯ᠂ 1-8 ᠳ᠋ᠤᠭᠠᠷ ᠰᠠᠷ᠎ᠠ ᠳᠤ᠂ ᠪᠥᠬᠦ ᠣᠷᠣᠨ ᠤ ᠦᠢᠯᠡᠳᠪᠦᠷᠢᠯᠡᠯ | ᠬᠠᠩᠭᠠᠯᠭ᠎ᠠ ᠲᠣᠭᠲᠠᠭᠤᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠦᠷᠭᠦᠯᠵᠢᠯᠡᠨ | ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠡᠨᠧᠷᠭᠢ ᠲᠦᠷᠭᠡᠨ ᠬᠤᠷᠠᠮᠳᠤᠵᠤ᠂ ᠠᠵᠤ ᠠᠬᠤᠶ ᠶᠢᠨ ᠠᠵᠢᠯᠯᠠᠭᠠᠨ ᠳᠤ | ᠶᠡᠷᠦᠩᠬᠡᠶ ᠳᠡᠭᠡᠨ ᠲᠣᠭᠲᠠᠭᠤᠨ ᠪᠠᠶᠢᠳᠠᠯ ᠢᠯᠡᠷᠡᠪᠡ᠃ ᠭᠡᠪᠡᠴᠦ ᠮᠥᠨ ᠯᠡ ᠭᠠᠳᠠᠭᠠᠳᠤ ᠣᠷᠴᠢᠨ ᠤ ᠲᠣᠭᠲᠠᠪᠤᠷᠢ | ᠦᠭᠡᠢ ᠡᠯᠧᠮᠧᠨ᠋ᠲ ᠨᠡᠮᠡᠭᠳᠡᠵᠦ᠂ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠵᠡᠷᠭᠡ ᠬᠦᠴᠢᠷᠳᠡᠯ ᠪᠠ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ ᠣᠳᠣᠬᠠᠨ ᠤ | ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ | ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠭᠤᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ | ᠰᠠᠶᠢᠵᠢᠷᠠᠬᠤ ᠬᠠᠨᠳᠤᠰᠢ ᠶᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠬᠤ ᠬᠡᠷᠡᠭᠲᠡᠶ᠃ |