︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠰᠠᠶᠢᠲᠤᠷ ᠪᠦᠲᠦᠭᠡᠨ ᠪᠠᠶᠢᠭᠤᠯᠬᠤ ᠭᠤᠣᠯ ᠵᠢᠭᠰᠠᠭᠠᠯ ᠤᠨ ᠭᠠᠵᠠᠷ ᠢ | ᠰᠠᠶᠢᠲᠤᠷ ᠪᠠᠶᠢᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ | | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ | ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠭᠤᠣᠯᠳᠠᠯᠭ᠎ᠠ ᠶᠢ ᠲᠣᠪᠤᠶᠢᠯᠭᠠᠨ ᠬᠥᠲᠥᠯᠵᠦ | ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠨ᠂ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠡᠷᠡᠰ ᠭᠤᠶᠢᠪᠢᠰᠢ ᠦᠭᠡᠢ ᠪᠠᠷ ᠪᠣᠳᠠᠲᠠᠢ ᠪᠠᠷ ᠪᠡᠶᠡᠯᠡᠭᠦᠯᠵᠦ᠂ | ᠵᠢᠯ ᠤᠨ ᠡᠴᠦᠰ ᠲᠤ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠪᠥᠬᠦ ᠬᠤᠲᠠ ᠶᠢᠨ 60 % ᠠᠴᠠ ᠳᠡᠭᠡᠭᠰᠢᠬᠢ ᠶᠢ ᠡᠵᠡᠯᠡᠨ᠂ ᠪᠥᠬᠦ ᠬᠤᠲᠠ ᠶᠢᠨ ᠬᠤᠪᠣᠷ | ᠰᠢᠷᠣᠢ ᠶᠢᠨ ᠦᠢᠯᠡᠳᠬᠦᠨ ᠤ ᠥᠷᠲᠡᠭ ᠲᠤ ᠮᠢᠩᠭ᠎ᠠ ᠭᠠᠷᠤᠢ ᠳ᠋ᠦᠩᠰᠢᠭᠤᠷ ᠲᠥᠭᠦᠷᠢᠭ ᠤᠨ ᠭᠤᠣᠯ ᠲᠤᠯᠭᠠᠭᠤᠷᠢ ᠶᠢ | ᠡᠭᠦᠷᠭᠡᠯᠡᠨ᠎ᠡ︾ ᠃ ᠭᠤᠣ ᠶᠦᠩ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ | ᠲᠣᠭᠲᠠᠮᠠᠯ ᠰᠣᠷᠢᠨᠵᠢᠨ ᠮᠠᠲ᠋ᠧᠷᠢᠶᠠᠯ ᠭᠡᠬᠦ ᠡᠨᠡᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠰᠢᠨ᠎ᠡ︾ | ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠷᠠᠭᠤᠯᠣᠨ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠢ ᠨᠢᠭᠡ ᠮᠥᠴᠡ ᠴᠦ ᠵᠣᠭᠰᠣᠯ ᠦᠭᠡᠢ ᠥᠷᠨᠢᠭᠦᠯᠵᠦ᠂ ᠵᠢᠯ ᠤᠨ ᠡᠴᠦᠰ ᠠᠴᠠ ᠡᠮᠦᠨ᠎ᠡ ᠤᠯᠤᠰ ᠤᠨ | ᠳᠣᠲᠣᠭᠠᠳᠤ ᠶᠢᠨ ᠲᠦᠷᠦᠭᠦᠦ ᠠᠷᠪᠠᠨ ᠬᠦᠴᠦᠷᠬᠡᠭ ᠰᠣᠷᠢᠨᠵᠢᠨ ᠮᠠᠲ᠋ᠧᠷᠢᠶᠠᠯ ᠤᠨ ᠲᠣᠯᠣᠭᠠᠢ ᠶᠢᠨ ᠬᠡᠰᠡᠭ ᠤᠨ ᠠᠵᠤ | ᠠᠬᠤᠶᠢᠯᠠᠯ ᠢ ᠲᠥᠪᠯᠡᠷᠡᠭᠦᠯᠵᠦ᠂ ᠰᠣᠷᠢᠨᠵᠢᠨ ᠮᠠᠲ᠋ᠧᠷᠢᠶᠠᠯ ᠤᠨ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ 20 ᠲᠦᠮᠡᠨ | ᠲᠣᠨ ᠲᠡᠰᠢ ᠳᠠᠪᠰᠢᠭᠤᠯᠵᠤ᠂ ᠰᠣᠷᠢᠨᠵᠢᠨ ᠴᠢᠨᠠᠷᠲᠠᠢ ᠮᠠᠲ᠋ᠧᠷᠢᠶᠠᠯ ᠢᠶᠠᠷ ᠭᠤᠣᠯ ᠪᠣᠯᠭᠠᠭᠰᠠᠨ ᠪᠦᠬᠦ ᠤᠯᠤᠰ ᠤᠨ ᠬᠠᠮᠤᠭ ᠤᠨ | ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠠᠶᠢᠷᠢ ᠰᠠᠭᠤᠷᠢ ᠶᠢ ᠦᠨᠡᠨᠬᠦ ᠪᠠᠲᠤᠳᠬᠠᠬᠤ ᠪᠠᠷ | ᠴᠢᠷᠮᠠᠶᠢᠵᠣ ᠪᠠᠶᠢᠨ᠎ᠠ᠃ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠭᠡᠬᠦ ᠡᠨᠡᠬᠦ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠡᠪᠲᠡᠭᠡ ᠴᠠᠬᠢᠯᠭᠠᠨ ᠮᠠᠰᠢᠨ ᠵᠡᠷᠭᠡ ᠲᠣᠯᠣᠭᠠᠢ ᠶᠢᠨ | ᠬᠡᠰᠡᠭ ᠤᠨ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠡᠨᠡ ᠵᠢᠯ 30 ᠠᠴᠠ ᠳᠡᠭᠡᠭᠰᠢ ᠲᠣᠭᠲᠠᠮᠠᠯ | ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠦᠨᠡᠨᠬᠦ ᠪᠠᠲᠤᠯᠠᠵᠤ᠂ ᠨᠢᠭᠡ ᠪᠦᠯᠦᠭ | ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠣᠶ ᠪᠣᠯᠭᠠᠵᠤ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠢᠶᠠᠷ | ᠳᠠᠭᠠᠭᠤᠯᠤᠭᠴᠢ ᠪᠣᠯᠭᠠᠭᠰᠠᠨ ᠪᠥᠬᠦ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠲᠤ | ᠨᠠᠩ ᠶᠡᠭᠡ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠤᠨ᠎ᠠ᠃ | ᠬ᠋᠊ᠠᠭᠴᠠ ᠴᠡᠴᠡᠭ ᠳᠡᠯᠭᠡᠷᠡᠬᠦ ᠨᠢ ᠬᠠᠪᠤᠷ ᠤᠨ ᠤᠯᠠᠷᠢᠯ ᠪᠢᠰᠢ᠂ ᠴᠡᠴᠡᠭ ᠪᠦᠬᠦᠨ ᠵᠡᠷᠭᠡ ᠪᠠᠷ ᠳᠡᠯᠭᠡᠷᠡᠪᠡᠯ ᠬᠠᠪᠤᠷ ᠤᠨ | ᠦᠵᠡᠮᠵᠢ ᠪᠢᠯᠬᠠᠨ᠎ᠠ᠃ ᠭᠤᠸ ᠶᠦᠩ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠠᠵᠤ ᠦᠢᠯᠡᠰ ᠪᠣᠯ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠣᠯᠯᠠᠬᠤ ᠠᠵᠤ ᠦᠢᠯᠡᠰ ᠮᠥᠨ᠂ ᠲᠠᠯᠠᠰᠲᠤ ᠴᠠᠬᠢᠭᠤᠷ ᠬᠡᠷᠡᠯ | ᠸᠣᠯᠲ᠂ ᠬᠥᠩᠭᠡᠨ ᠴᠠᠭᠠᠨ ᠵᠡᠷᠭᠡ ᠠᠵᠤ ᠦᠢᠯᠡᠰ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠦᠨᠤᠷᠤᠨ ᠤ | ᠳᠠᠪᠠᠭᠤᠯᠢᠭ ᠠᠵᠤ ᠦᠢᠯᠡᠰ ᠮᠥᠨ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠮᠠᠨ ᠤ | ᠬᠤᠲᠠ ᠶᠢᠨ ︽3+5+N︾ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠯᠡᠯ ᠲᠠᠢ ᠨᠢᠭᠲᠠ ᠤᠶᠠᠯᠳᠤᠭᠤᠯᠤᠨ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠨ᠎ᠡ᠃ ᠲᠠᠯᠠᠰᠲᠤ ᠴᠠᠬᠢᠭᠤᠷ ᠤᠨ ᠬᠡᠷᠡᠯ | ᠴᠡᠨᠡᠭ ᠤᠨ ᠠᠵᠤ ᠦᠢᠯᠡᠰ ᠤᠨ ᠲᠠᠯ᠎ᠠ ᠪᠠᠷ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠵᠠᠬ᠎ᠠ ᠳᠡᠯᠭᠡᠭᠦᠷ | ᠡᠷᠢᠭᠦᠯᠵᠦ᠂ ᠱᠤᠸᠠᠩ ᠯᠢᠶᠠᠩ ︵ᠪᠤᠭᠤᠲᠤ︶ ᠺᠣᠮᠫᠠᠨᠢ ᠶᠢᠨ ᠠᠯᠬᠤᠮ ᠠᠯᠬᠤᠮ ᠢᠶᠠᠷ ᠭᠦᠢᠴᠡᠳ ᠦᠢᠯᠡᠳᠪᠦᠷᠢᠯᠡᠬᠦ ᠶᠢ | ᠳᠡᠮᠵᠢᠵᠦ᠂ ᠲᠥᠷᠥᠯ ᠵᠦᠢᠯ ᠢ ᠦᠨᠡᠨ ᠪᠣᠳᠠᠲᠠᠢ ᠵᠠᠬᠢᠶᠠᠯᠠᠭ᠎ᠠ ᠶᠢᠨ ᠬᠠᠭᠤᠳᠠᠰᠤ᠂ ᠦᠢᠯᠡᠳᠬᠦᠨ ᠤ ᠥᠷᠲᠡᠭ ᠪᠠ ᠨᠡᠮᠡᠭᠳᠡᠯ | ᠥᠷᠲᠡᠭ ᠪᠣᠯᠭᠠᠨ ᠬᠤᠪᠢᠷᠠᠭᠤᠯᠵᠤ᠂ ᠲᠠᠯᠠᠰᠲᠤ ᠴᠠᠬᠢᠭᠤᠷ ᠤᠨ ᠬᠡᠷᠡᠯ ᠴᠡᠨᠡᠭ ᠤᠨ ᠠᠵᠤ ᠦᠢᠯᠡᠰ ᠤᠨ ᠨᠢᠭᠡᠨᠲᠡ ᠪᠠᠶᠢᠭ᠎ᠠ | ᠳᠠᠪᠠᠭᠤᠯᠢᠭ ᠢ ᠰᠠᠶᠢᠲᠤᠷ ᠪᠠᠬᠢᠵᠢᠭᠦᠯᠦᠨ᠎ᠡ᠃ ᠬᠥᠩᠭᠡᠨ ᠴᠠᠭᠠᠨ ᠤ ᠳᠠᠷᠠᠭᠠᠬᠢ ᠠᠵᠤ ᠦᠢᠯᠡᠰ ᠤᠨ ᠲᠠᠯ᠎ᠠ ᠪᠠᠷ᠂ ᠬᠥᠩᠭᠡᠨ | ᠴᠠᠭᠠᠨ᠂ ᠴᠠᠩ ᠬᠥᠩᠭᠡᠨ ᠴᠠᠭᠠᠨ ᠵᠡᠷᠭᠡ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ︽ᠳᠠᠬᠢᠯᠲᠠ ᠬᠥᠩᠭᠡᠨ ᠴᠠᠭᠠᠨ︾ ᠳᠡᠭᠡᠷ᠎ᠡ ᠠᠷᠭ᠎ᠠ ᠤᠬᠠᠭᠠᠨ ᠭᠠᠷᠭᠠᠵᠤ᠂ ︽ᠨᠣᠭᠤᠭᠠᠨ ᠴᠠᠬᠢᠯᠭᠠᠨ | ᠬᠥᠩᠭᠡᠨ ᠴᠠᠭᠠᠨ︾ ᠳᠡᠭᠡᠷ᠎ᠡ ᠳᠤᠲᠠᠭᠤᠳᠠᠯ ᠢ ᠨᠥᠬᠦᠪᠦᠷᠢᠯᠡᠵᠦ᠂ ︽ᠳᠡᠭᠡᠳᠦ ᠨᠠᠷᠢᠯᠢᠭ ᠬᠥᠩᠭᠡᠨ ᠴᠠᠭᠠᠨ︾ ᠳᠡᠭᠡᠷ᠎ᠡ ᠬᠦᠴᠦ | ᠲᠠᠯᠪᠢᠵᠤ᠂ ︽ᠦᠵᠦᠭᠦᠷ ᠤᠨ ᠬᠥᠩᠭᠡᠨ ᠴᠠᠭᠠᠨ︾ ᠳᠡᠭᠡᠷ᠎ᠡ ᠠᠵᠤ ᠠᠬᠤᠶᠢᠯᠠᠯ ᠡᠯᠰᠡᠵᠦ᠂ ᠮᠠᠨ ᠤ ᠬᠤᠲᠠ ᠶᠢᠨ ᠬᠥᠩᠭᠡᠨ | ᠴᠠᠭᠠᠨ ᠤ ᠠᠵᠤ ᠦᠢᠯᠡᠰ ᠢ ᠳᠥᠷᠪᠡᠳᠦᠭᠡᠷ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠰ ᠤᠨ | ᠪᠦᠯᠦᠭᠯᠡᠯ ᠪᠣᠯᠭᠠᠨ ᠪᠠᠶᠢᠭᠤᠯᠬᠤ ᠳᠤ ᠳᠡᠭᠡᠳᠦ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠠ᠃ | ᠰᠢᠨ᠎ᠡ ᠶᠢ ᠡᠭᠦᠳᠬᠦ ᠨᠢ ᠢᠷᠡᠭᠡᠳᠦᠢ ᠶᠢᠨ ᠰᠢᠢᠳᠪᠦᠷᠢᠲᠦ ᠢᠯᠠᠯᠲᠠ ᠶᠢ ᠣᠯᠵᠤ᠂ ᠥᠭᠡᠷᠡᠴᠢᠯᠡᠯᠲᠡ ᠨᠢ ᠤᠯᠤᠰ ᠤᠨ | ᠬᠤᠪᠢ ᠵᠠᠶᠠᠭ᠎ᠠ ᠲᠠᠢ ᠬᠤᠯᠪᠣᠭᠳᠠᠨ᠎ᠠ᠃ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ | ᠪᠠᠶᠢᠭᠤᠯᠵᠤ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠬᠦ ᠶᠢ ᠬᠥᠳᠡᠯᠭᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ | ᠳᠠᠶᠢᠴᠢᠯᠠᠬᠤ ᠪᠣᠯ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠪᠠ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠥᠷᠢᠰᠦᠯᠳᠦᠭᠡᠨ ᠤ ᠳᠤᠮᠳᠠ ᠲᠡᠷᠢᠭᠦᠨ ᠲᠣᠬᠢᠶᠠᠯ ᠢ ᠵᠠᠪᠳᠤᠨ ᠡᠵᠡᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠭᠤᠣ | ᠶᠦᠩ ᠢᠯᠡᠷᠬᠡᠶᠢᠯᠡᠬᠦ ᠳᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠲᠥᠪᠯᠡᠷᠡᠭᠦᠯᠬᠦ ︽ᠴᠢᠩᠭ᠎ᠠ ᠰᠣᠷᠢᠨᠵᠢᠨ | ᠣᠷᠣᠨ︾ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠰᠢᠰᠲ᠋ᠧᠮ ᠤᠨ | ᠦᠵᠡᠯᠲᠡ ᠪᠠᠨ ᠴᠢᠩᠭᠠᠳᠬᠠᠵᠤ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠳᠡᠭᠡᠳᠦ ᠰᠢᠨᠵᠢᠯᠡᠬᠦ | ᠤᠬᠠᠭᠠᠨ ᠮᠡᠷᠭᠡᠵᠢᠯ ᠢ ᠬᠥᠭᠵᠢᠭᠦᠯᠵᠦ᠂ ᠠᠵᠤ ᠦᠢᠯᠡᠰᠵᠢᠯᠲᠡ ᠶᠢ ᠪᠡᠶᠡᠯᠡᠭᠦᠯᠬᠦ︾ ᠣᠷᠣᠨ ᠪᠠᠶᠢᠭᠤᠯᠬᠤ ᠵᠣᠷᠢᠯᠲᠠ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠬᠤᠲᠠ ᠶᠢᠨ ᠨᠠᠮ ᠤᠨ | ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ | ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ︾ ᠪᠠ ︽ᠳᠥᠷᠪᠡᠨ ᠨᠢᠭᠡ︾ ᠶᠢᠨ ᠠᠵᠢᠯᠯᠠᠭ᠎ᠠ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ | ᠦᠷᠭᠦᠯᠵᠢᠯᠡᠨ ᠥᠷᠨᠢᠭᠦᠯᠵᠦ᠂ ᠵᠢᠯ ᠤᠨ ᠡᠴᠦᠰ ᠲᠤ ᠪᠥᠬᠦ ᠣᠷᠣᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠪᠠ ᠤᠯᠤᠰ ᠤᠨ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠤᠨ ᠶᠡᠷᠦᠩᠬᠡᠢ ᠲᠤᠭ᠎ᠠ ᠶᠢ 400 ᠶᠢ ᠳᠠᠪᠠᠭᠤᠯᠬᠤ ᠪᠠᠷ ᠴᠢᠷᠮᠠᠶᠢᠵᠤ᠂ ᠬᠠᠳᠠᠭᠠᠯᠠᠯᠲᠠ ᠶᠢᠨ ᠬᠡᠮᠵᠢᠶ᠎ᠡ᠂ | ᠰᠢᠨ᠎ᠡ ᠪᠠᠷ ᠨᠡᠮᠡᠭᠳᠡᠭᠰᠡᠨ ᠲᠣᠭᠲᠠᠭᠠᠯ ᠳᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠠᠵᠢᠯᠯᠠᠭ᠎ᠠ ᠲᠠᠢ ᠡᠵᠡᠯᠡᠬᠦ ᠬᠠᠷᠢᠴᠠᠯ ᠢ ᠲᠣᠰ ᠲᠣᠰ 65% ᠪᠠ 70% ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢ | ᠡᠭᠦᠳᠬᠦ ᠪᠠᠷ ᠴᠢᠷᠮᠠᠶᠢᠨ᠎ᠠ ᠭᠡᠪᠠ᠃ | ︽ᠦᠷ᠎ᠡ ᠳ᠋ᠦᠩ ᠪᠣᠯ ᠬᠠᠮᠤᠭ ᠤᠨ ᠰᠠᠶᠢᠨ ᠶᠠᠪᠤᠴᠠ ᠮᠥᠨ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠡᠯ᠎ᠡ | ᠵᠦᠢᠯ ᠤᠨ ᠠᠵᠢᠯ ᠤᠨ ᠢᠶᠠᠨ ᠭᠤᠣᠯ ᠱᠤᠭᠤᠮ ᠪᠣᠯᠭᠠᠵᠤ᠂ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ | ᠡᠵᠡᠮᠳᠡᠵᠦ᠂ ᠪᠦᠬᠦ ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ | ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠦᠨᠡᠨᠬᠦ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ | ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠺᠠᠳ᠋ᠷᠴᠤᠳ ᠢ ᠵᠣᠷᠢᠭᠲᠠᠢ ᠪᠠᠷ ᠬᠢᠯᠭᠡᠨ᠂ ᠣᠷᠣᠨ ᠨᠤᠲᠤᠭ ᠤᠨ ᠬᠢᠨ ᠢ | ᠵᠣᠷᠢᠭᠲᠠᠢ ᠪᠠᠷ ᠲᠡᠮᠡᠯᠣᠯᠣᠭᠦᠯᠦᠨ᠂ ᠠᠵᠤ ᠠᠬᠤᠶᠢᠯᠠᠯ ᠤᠨ ᠬᠢᠨ ᠢ ᠵᠣᠷᠢᠭᠲᠠᠢ ᠪᠠᠷ ᠬᠢᠯᠭᠡᠵᠣ᠂ ᠤᠯᠠᠨ ᠲᠦᠮᠡᠨ ᠢ | ᠵᠣᠷᠢᠭᠲᠠᠢ ᠪᠠᠷ ᠡᠭᠦᠳᠦᠨ ᠪᠦᠳᠦᠭᠡᠯᠭᠡᠨ ᠦᠨᠡᠨ ᠪᠣᠳᠠᠲᠠᠢ ᠠᠮᠵᠢᠯᠲᠠ ᠪᠠᠷ ᠢᠶᠠᠨ ᠠᠵᠢᠯ ᠤᠨ ᠬᠠᠷᠢᠭᠤ ᠲᠣᠰᠢᠶᠠᠬᠤ ᠬᠡᠷᠡᠭᠲᠡᠢ︾ | ᠭᠡᠵᠦ ᠭᠤᠤ ᠶᠦᠩ ᠬᠡᠯᠡᠪᠡ᠃ |