ᠠᠦ᠋ᠲ᠋ᠣᠴᠢᠯᠠᠭᠰᠠᠨ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠬᠡᠮᠵᠢᠯᠲᠡ ᠶᠢᠨ ᠰᠢᠰᠲ᠋ᠧᠮ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠡᠷᠡᠭᠯᠡᠯᠳᠡ ᠳᠤ ᠣᠷᠣᠪᠠ
ᠨᠡᠶᠢᠲᠡᠯᠡᠭᠰᠡᠨ ᠴᠠᠭ᠄
2024/10/23
    ᠲᠦᠷᠦᠭᠦᠬᠡᠨ᠂ ᠵᠢᠵᠢᠭ ᠬᠡᠯᠪᠡᠷᠢ ᠶᠢᠨ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠰᠠᠪᠠ ᠪᠠ ᠺᠢᠯᠣᠭ᠍ᠷᠠᠮ ᠤᠨ ᠲᠠᠰ ᠠᠴᠠ ᠳᠡᠭᠡᠭᠰᠢᠬᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠰᠢᠯᠭᠠᠨ ᠲᠤᠷᠰᠢᠬᠤ ᠬᠡᠷᠡᠭᠴᠡᠭᠡ ᠳᠤ ᠴᠢᠭᠯᠡᠭᠦᠯᠦᠨ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠬᠤᠶᠠᠷ ᠲᠥᠷᠥᠯ ᠤᠨ ᠬᠡᠯᠪᠡᠷᠢ ᠶᠢᠨ ᠠᠦ᠋ᠲ᠋ᠣᠴᠢᠯᠠᠭᠰᠠᠨ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠰᠢᠯᠭᠠᠨ ᠲᠤᠷᠰᠢᠬᠤ ᠰᠢᠰᠲ᠋ᠧᠮ ᠢ ᠠᠮᠵᠢᠯᠲᠠᠲᠠᠢ ᠨᠡᠭᠡᠭᠡᠨ  ᠠᠰᠢᠭᠯᠠᠪᠠ᠃
    ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠤᠷᠤᠰᠬᠠᠯ ᠤᠨ ᠤᠰᠤᠲᠥ᠋ᠷᠥᠭᠴᠢ ᠶᠢ ᠦᠢᠯᠡᠳᠬᠦ ᠪᠠ ᠳᠣᠣᠷᠠᠳᠤ ᠤᠷᠤᠰᠬᠠᠯ ᠤᠨ ᠤᠰᠤᠲᠥ᠋ᠷᠥᠭᠴᠢ ᠶᠢ ᠬᠡᠷᠡᠭᠯᠡᠬᠦ ᠮᠡᠷᠭᠡᠵᠢᠯ ᠡᠳᠦᠷ ᠢᠷᠡᠬᠦᠶ᠎ᠡ ᠪᠣᠯᠪᠠᠰᠤᠷᠠᠬᠤ ᠶᠢ ᠳᠠᠭᠠᠯᠳᠤᠨ᠂ ᠤᠰᠤᠲᠥ᠋ᠷᠥᠭᠴᠢ ᠶᠢᠨ ᠠᠮᠤᠷ ᠲᠦᠪᠰᠢᠨ ᠥᠨᠳᠥᠷ ᠦᠷ᠎ᠡ ᠠᠰᠢᠭ ᠲᠠᠢ ᠬᠠᠳᠠᠭᠠᠯᠠᠵᠤ ᠵᠥᠭᠡᠭᠡᠪᠦᠷᠢᠯᠡᠬᠦ ᠠᠰᠠᠭᠤᠳᠠᠯ ᠨᠢ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠢᠵᠠᠭᠠᠷᠯᠠᠬᠤ ︽ᠪᠣᠭᠤᠮᠢ︾ ᠪᠣᠯᠪᠠ᠃ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠮᠡᠷᠭᠡᠵᠢᠯ ᠨᠢ ᠲᠡᠭᠦᠨ ᠤ ᠥᠨᠳᠥᠷ ᠣᠨᠴᠠᠯᠢᠭᠲᠤ ᠠᠮᠤᠷ ᠲᠦᠪᠰᠢᠨ᠂ ᠥᠨᠳᠥᠷ ᠡᠵᠡᠯᠡᠬᠦᠨ ᠲᠠᠢ ᠤᠰᠤᠲᠥ᠋ᠷᠥᠭᠴᠢ ᠶᠢ ᠬᠠᠳᠠᠭᠠᠯᠠᠬᠤ ᠨᠢᠭᠲᠠᠴᠠ ᠪᠣᠯᠣᠨ ᠤᠷᠳᠤ ᠬᠤᠭᠤᠴᠠᠭ᠎ᠠ ᠪᠠᠷ ᠬᠠᠳᠠᠭᠠᠯᠠᠬᠤ ᠳᠤ ᠲᠣᠬᠢᠷᠠᠬᠤ ᠵᠡᠷᠭᠡ ᠣᠨᠴᠠᠯᠢᠭ ᠢᠶᠠᠷ ᠢᠶᠠᠨ ᠰᠤᠳᠤᠯᠤᠨ ᠨᠡᠭᠡᠭᠡᠬᠦ ᠬᠠᠯᠠᠮᠰᠢᠯ ᠴᠡᠭ ᠪᠣᠯᠤᠭᠰᠠᠨ ᠪᠠᠶᠢᠨ᠎ᠠ᠃     ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠤᠨ ᠰᠤᠳᠤᠯᠭᠠᠨ ᠨᠢᠭᠡᠨᠲᠡ ᠤᠯᠠᠨ ᠵᠢᠯ ᠤᠨ ᠲᠡᠦᠬᠡ ᠲᠠᠢ ᠪᠣᠯᠵᠠᠢ᠂ ᠤᠯᠤᠰ ᠤᠨ ᠳᠣᠲᠣᠭᠠᠳᠤ ᠭᠠᠳᠠᠭᠠᠳᠤ ᠳᠤ ᠪᠦᠷ ᠰᠢᠯᠭᠠᠨ ᠲᠤᠷᠰᠢᠬᠤ ᠲᠥᠬᠦᠭᠡᠷᠦᠮᠵᠢ ᠲᠠᠢ ᠪᠣᠯᠪᠠᠴᠤ ᠲᠣᠨᠣᠭᠯᠠᠯ ᠢ ᠦᠢᠯᠡᠳᠦᠭᠰᠡᠨ ᠤ ᠳᠠᠷᠠᠭᠠᠬᠢ ᠪᠦᠬᠦᠯᠢ ᠴᠣᠭᠴᠠ ᠶᠢᠨ ᠴᠢᠳᠠᠪᠬᠢ ᠨᠢ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠳᠣᠣᠷᠠᠳᠤ ᠤᠷᠤᠰᠬᠠᠯ ᠳᠤ ᠬᠡᠷᠡᠭᠯᠡᠬᠦ ᠳᠤ ᠨᠡᠩ ᠵᠠᠩᠭᠢᠯᠠᠭ᠎ᠠ ᠪᠣᠯᠵᠤ ᠂ ᠰᠢᠯᠭᠠᠨ ᠲᠤᠷᠰᠢᠬᠤ ᠬᠡᠷᠡᠭᠴᠡᠭᠡ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠭᠠᠷ ᠬᠡᠮᠵᠢᠯᠲᠡ ᠶᠢᠨ ᠲᠥᠬᠦᠭᠡᠷᠦᠮᠵᠢ ᠶᠢᠨ ᠰᠠᠭᠤᠷᠢᠨ ᠳᠡᠭᠡᠷ᠎ᠡ ᠠᠦ᠋ᠲ᠋ᠣᠴᠢᠯᠠᠭᠰᠠᠨ ᠥᠭᠡᠷᠡᠴᠢᠯᠡᠯᠲᠡ ᠬᠢᠵᠦ᠂ ᠡᠴᠦᠰ ᠲᠡᠭᠡᠨ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠲᠣᠨᠣᠭᠯᠠᠯ ᠤᠨ ᠤᠰᠤᠲᠥ᠋ᠷᠥᠭᠴᠢ ᠶᠢ ᠳᠦᠭᠦᠷᠭᠡᠬᠦ/ ᠲᠠᠯᠪᠢᠬᠤ ᠶᠠᠪᠤᠴᠠ ᠳᠠᠬᠢ ᠤᠰᠤᠲᠥ᠋ᠷᠥᠭᠴᠢ ᠶᠢᠨ ᠳᠠᠷᠤᠴᠠ᠂ ᠤᠷᠤᠰᠬᠠᠯ ᠤᠨ ᠬᠡᠮᠵᠢᠶ᠎ᠡ᠂ ᠳᠤᠯᠠᠭᠠᠨ ᠤ ᠬᠡᠮᠵᠢᠶ᠎ᠡ ᠪᠠ ᠬᠤᠪᠢᠷᠠᠭᠠᠭᠳᠠᠯ ᠤᠨ ᠬᠡᠮᠵᠢᠶ᠎ᠡ ᠵᠡᠷᠭᠡ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠢᠨᠠᠨ ᠬᠡᠮᠵᠢᠬᠦ ᠪᠠ ᠬᠡᠮᠵᠢᠶ᠎ᠡ ᠶᠢ ᠲᠣᠭᠲᠠᠭᠠᠨ ᠡᠵᠡᠮᠳᠡᠬᠦ ᠶᠢ ᠪᠡᠶᠡᠯᠡᠭᠦᠯᠵᠦ᠂ ᠠᠳᠠᠯᠢ ᠪᠤᠰᠤ ᠠᠵᠢᠯᠯᠠᠭᠠᠨ ᠤ ᠪᠠᠶᠢᠳᠠᠯ ᠤᠨ ᠨᠥᠬᠦᠴᠡᠯ ᠳᠣᠣᠷᠠᠬᠢ ᠳᠠᠭᠤᠷᠢᠶᠠᠮᠠᠯ ᠬᠡᠮᠵᠢᠯᠲᠡ ᠶᠢ ᠥᠷᠨᠢᠭᠦᠯᠪᠡ᠂ ᠵᠢᠱᠢᠶᠡᠯᠡᠪᠡᠯ ᠲᠦᠯᠡᠰᠢᠨ ᠴᠠᠬᠢᠯᠭᠠᠨ ᠴᠡᠨᠡᠭ ᠤᠨ ᠤᠰᠤᠲᠥ᠋ᠷᠥᠭᠴᠢ ᠶᠢ ᠬᠠᠩᠭᠠᠬᠤ ᠳᠠᠷᠤᠯᠲᠠ ᠪᠠ ᠤᠷᠤᠰᠬᠠᠯ ᠤᠨ ᠬᠡᠮᠵᠢᠶ᠎ᠡ ᠶᠢᠨ ᠱᠠᠭᠠᠷᠳᠠᠯᠭ᠎ᠠ ᠶᠢ ᠵᠣᠬᠢᠴᠠᠭᠤᠯᠵᠤ᠂ ᠲᠣᠨᠣᠭᠯᠠᠯ ᠢ ᠰᠤᠳᠤᠯᠤᠨ ᠨᠡᠭᠡᠭᠡᠬᠦ ᠠᠵᠢᠯ ᠳᠤ ᠬᠡᠷᠡᠭᠯᠡᠵᠦ ᠪᠣᠯᠬᠤ ᠠᠦ᠋ᠲ᠋ᠣ᠋ ᠬᠡᠮᠵᠢᠯᠲᠡ ᠶᠢᠨ ᠲᠥᠬᠦᠭᠡᠷᠦᠮᠵᠢ ᠪᠠᠶᠢᠬᠤ ᠦᠭᠡᠢ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠡᠷᠡ ᠮᠥᠷᠲᠡᠭᠡᠨ ᠰᠢᠯᠭᠠᠯᠲᠠ ᠶᠢᠨ ᠠᠵᠢᠯᠲᠠᠨ ᠤ ᠬᠠᠷᠠᠭᠠᠰᠤ ᠪᠠᠷ ᠡᠵᠡᠮᠰᠢᠯ ᠤᠨ ᠫᠷᠣᠭ᠍ᠷᠠᠮ ᠢ ᠨᠠᠶᠢᠷᠠᠭᠤᠯᠵᠤ᠂ ᠰᠢᠯᠭᠠᠯᠲᠠ ᠶᠢᠨ ᠵᠠᠭᠪᠤᠷ  ᠨᠢ ᠪᠠᠶᠠᠯᠢᠭ᠂ ᠠᠵᠢᠯᠯᠠᠬᠤ ᠵᠠᠭᠠᠭ ᠨᠢ ᠲᠣᠪᠴᠢ ᠠᠪᠰᠠᠷᠬᠠᠨ ᠪᠠᠶᠢᠵᠤ᠂ ᠶᠠᠷᠰᠢᠭ ᠲᠦᠪᠡᠭᠲᠡᠢ ᠠᠵᠢᠯᠯᠠᠭ᠎ᠠ ᠶᠢ ᠪᠠᠭᠠᠰᠬᠠᠨ᠂ ᠰᠢᠯᠭᠠᠯᠲᠠ ᠶᠢᠨ ᠨᠢᠭᠡᠳᠦᠯᠲᠦ ᠴᠢᠨᠠᠷ᠂ ᠳᠠᠪᠲᠠᠭᠳᠠᠬᠤ ᠴᠢᠨᠠᠷ ᠪᠠ ᠰᠤᠳᠤᠯᠤᠨ ᠨᠡᠭᠡᠭᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃
    ᠲᠤᠰ ᠰᠢᠰᠲ᠋ᠧᠮ ᠨᠢ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠤᠨ ᠬᠡᠪᠴᠢᠶ᠎ᠡ ᠶᠢ ᠳᠣᠣᠷ᠎ᠠ ᠳᠠᠷᠤᠯᠲᠠᠲᠤ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠲᠥᠬᠦᠭᠡᠷᠦᠮᠵᠢ ᠳᠤ ᠬᠡᠷᠡᠭᠯᠡᠬᠦ ᠳᠤ ᠨᠡᠩ ᠪᠠᠶᠠᠯᠢᠭ ᠮᠡᠷᠭᠡᠵᠢᠯ ᠤᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠮᠡᠷᠭᠡᠵᠢᠯ ᠢ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠲᠡᠷᠭᠡ᠂ ᠤᠰᠤᠲᠥ᠋ᠷᠥᠭᠴᠢ ᠶᠢ ᠬᠠᠳᠠᠭᠠᠯᠠᠵᠤ ᠵᠥᠭᠡᠭᠡᠪᠦᠷᠢᠯᠡᠬᠦ᠂ ᠡᠨᠧᠷᠭᠢ ᠬᠠᠩᠭᠠᠬᠤ ᠵᠡᠷᠭᠡ ᠬᠦᠷᠢᠶᠡᠨ ᠳᠤ ᠢᠵᠢ ᠪᠦᠷᠢᠳᠦᠭᠦᠯᠦᠨ ᠬᠡᠷᠡᠭᠯᠡᠬᠦ ᠪᠠ ᠲᠦᠷᠭᠡᠨ ᠬᠥᠭᠵᠢᠭᠦᠯᠬᠦ ᠳᠤ ᠬᠦᠴᠦ ᠨᠡᠮᠡᠷᠢᠯᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号