ᠵᠠᠯᠠᠭᠤᠴᠤᠳ ᠪᠡᠶ᠎ᠡ ᠴᠢᠭᠢᠷᠠᠭ ᠂ ᠡᠪᠡᠳᠴᠢᠨ ᠡᠮᠭᠡᠭ ᠬᠦᠷᠬᠦ ᠨᠢ ᠪᠠᠭ᠎ᠠ ᠂ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠳᠠᠩᠰᠠᠨ ᠡᠷᠦᠬᠡ ᠳᠤ ᠪᠠᠭ᠎ᠠ ᠪᠤᠰᠤ ᠵᠣᠭᠤᠰ ᠬᠠᠳᠠᠭᠠᠯᠠᠭᠳᠠᠵᠤ ᠪᠠᠶᠢᠳᠠᠭ ᠂ ᠡᠳᠡᠭᠡᠷ ᠵᠣᠭᠤᠰ ᠢ ᠭᠡᠷ ᠤᠨ | ᠬᠥᠮᠦᠰ ᠳᠡᠭᠡᠨ ᠬᠡᠷᠡᠭᠯᠡᠭᠦᠯᠵᠦ ᠪᠣᠯᠣᠨ᠎ᠠ ᠤᠤ︖ ᠶᠠᠭᠠᠬᠢᠵᠤ ᠬᠡᠷᠡᠭᠯᠡᠭᠦᠯᠬᠦ ᠪᠤᠢ︖ ᠣᠶᠢᠷ᠎ᠠ ᠳᠤ ᠂ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠳ᠋ᠤᠭᠠᠷ ᠵᠣᠬᠢᠶᠠᠯ ᠨᠡᠶᠢᠲᠡᠯᠡᠵᠦ ᠂ | ᠳᠠᠭᠠᠳᠬᠠᠯ ᠳᠤ ᠣᠷᠣᠯᠴᠠᠭᠰᠠᠳ ᠤᠨ ᠠᠩᠬᠠᠷᠴᠤ ᠪᠠᠶᠢᠭ᠎ᠠ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ | ᠠᠰᠠᠭᠤᠳᠠᠯ ᠳᠤ ᠲᠥᠪᠯᠡᠷᠡᠭᠦᠯᠦᠨ ᠲᠠᠶᠢᠯᠤᠮᠵᠢ ᠬᠢᠪᠡ ᠃ | ᠠᠰᠠᠭᠤᠯᠲᠠ᠄ ᠮᠢᠨᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠢ ᠭᠡᠷ ᠤᠨ ᠬᠥᠮᠦᠰ ᠲᠡᠭᠡᠨ ᠬᠡᠷᠡᠭᠯᠡᠭᠦᠯᠵᠦ | ᠪᠣᠯᠣᠨ᠎ᠠ ᠦᠦ︖ | ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ | ᠺᠠᠷᠲ ᠲᠠᠬᠢ ᠵᠣᠭᠤᠰ ᠨᠢ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠦᠯᠡᠳᠡᠪᠦᠷᠢ ᠶᠢ | ᠵᠢᠭᠠᠵᠤ ᠪᠠᠶᠢᠪᠠᠯ ᠂ ᠪᠣᠯᠣᠨ᠎ᠠ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠂ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ︽ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ︾ ᠶᠢ ᠭᠦᠢᠴᠡᠳᠭᠡᠬᠦ ᠪᠠᠷ ᠳᠠᠮᠵᠢᠭᠤᠯᠤᠨ ᠂ ᠬᠤᠪᠢ ᠬᠥᠮᠦᠨ ᠤ ᠲᠠᠩᠰᠠᠨ ᠡᠷᠦᠬᠡ ᠨᠢ ᠨᠢᠭᠡᠨᠲᠡ | ᠳᠠᠭᠠᠳᠬᠠᠯ ᠳᠤ ᠣᠷᠣᠯᠴᠠᠭᠰᠠᠨ ᠠᠪᠤ ᠡᠵᠢ ᠂ ᠬᠠᠨᠢ ᠨᠥᠬᠦᠷ ᠪᠠ ᠦᠷ᠎ᠡ ᠬᠡᠤᠬᠡᠳ ᠲᠡᠭᠡᠨ ᠡᠷᠬᠡ ᠣᠯᠭᠤᠵᠤ ᠪᠣᠯᠤᠨ᠎ᠠ ᠂ | ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠳᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠢ | ᠥᠭᠬᠦ ᠳᠤ ᠬᠡᠷᠡᠭᠯᠡᠵᠦ ᠪᠣᠯᠣᠨ᠎ᠠ ᠃ | ᠵᠢᠱᠢᠶᠡᠯᠡᠪᠡᠯ ᠂ ᠯᠢ ᠮᠢᠩ ᠤᠨ ᠬᠦᠦ ᠯᠢ ᠰᠢᠶᠤᠤ ᠮᠢᠩ ᠡᠪᠡᠳᠴᠢᠯᠡᠵᠦ ᠂ ᠯᠢ ᠰᠢᠶᠤᠤ ᠮᠢᠩ ᠡᠮ ᠬᠤᠳᠠᠯᠳᠤᠨ | ᠠᠪᠬᠤ ᠳᠤ ᠬᠤᠪᠢ ᠬᠥᠮᠦᠨ 100 ᠲᠥᠭᠦᠷᠢᠭ ᠲᠤᠰᠢᠶᠠᠬᠤ ᠬᠡᠷᠡᠭᠲᠡᠢ ᠃ ᠯᠢ ᠮᠢᠩ ᠤᠨ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠪᠠᠰᠠ ᠦᠯᠡᠳᠡᠪᠦᠷᠢ ᠲᠠᠢ ᠪᠠᠶᠢᠵᠤ ᠂ ᠬᠡᠷ | ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠤ ᠳᠠᠷᠠᠭ᠎ᠠ ᠂ ᠯᠢ ᠰᠢᠶᠤᠤ ᠮᠢᠩ ᠯᠢ ᠮᠢᠩ ᠤᠨ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢᠶᠠᠷ ᠡᠨᠡ 100 | ᠲᠥᠭᠦᠷᠢᠭ ᠥᠭᠴᠦ ᠪᠣᠯᠤᠨ᠎ᠠ ᠂ ᠡᠨᠡ ᠪᠣᠯ ᠳᠠᠷᠤᠶ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠠᠪᠤᠳᠠᠯ ᠪᠣᠯᠤᠨ᠎ᠠ ᠃ | | ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠬᠡᠷᠬᠢᠨ ᠭᠦᠢᠴᠡᠳᠬᠡᠬᠦ ᠪᠤᠢ︖ | ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠡᠩ ᠤᠨ ᠪᠠᠶᠢᠳᠠᠯ ᠳᠤ ᠬᠠᠷᠢᠯᠴᠠᠨ ᠲᠤᠰᠠᠯᠠᠭᠴᠢ ᠶᠢ ᠵᠢᠭᠠᠨ᠎ᠠ︶ | ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢᠨ ᠣᠷᠣᠨ ᠨᠤᠲᠤᠭ ᠤᠨ ᠲᠤᠰᠬᠠᠶ | ᠲᠣᠭᠤᠷᠢᠭ ᠂ ᠲᠤᠬᠠᠶ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠸᠢᠴᠠᠲ | ᠲᠠᠪᠴᠠᠩ ᠂ ᠠᠯᠪᠠᠨ ᠤ ᠰᠦᠯᠵᠢᠶ᠎ᠡ ᠵᠡᠷᠭᠡ ᠶᠢᠨ ︽ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠴᠢᠳᠠᠮᠵᠢ ᠶᠢᠨ ᠬᠡᠰᠡᠭ ᠢᠶᠠᠷ | ᠳᠠᠮᠵᠢᠭᠤᠯᠤᠨ ᠂ ᠰᠦᠯᠵᠢᠶᠡᠨ ᠳᠡᠭᠡᠷ᠎ᠡ ᠭᠦᠢᠴᠡᠳᠬᠡᠵᠦ ᠂ ᠪᠣᠳᠠᠲᠠᠶ ᠠᠷᠭ᠎ᠠ ᠵᠠᠮ ᠢ ᠡᠯ᠎ᠡ ᠨᠢᠭᠡᠳᠦᠯᠲᠡᠶ ᠲᠥᠯᠥᠪᠯᠡᠬᠦ | ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠨᠡᠶᠢᠭᠡᠮ ᠳᠤ ᠢᠯᠡ ᠪᠣᠯᠭᠠᠨ᠎ᠠ ᠃ ᠣᠶᠤᠨᠴᠢ | ᠲᠥᠬᠦᠭᠡᠷᠦᠮᠵᠢ ᠶᠢ ᠠᠵᠢᠯᠯᠠᠭᠤᠯᠬᠤ ᠳᠤ ᠬᠦᠴᠢᠷᠲᠡᠶ ᠨᠠᠰᠤᠲᠠᠶᠢᠴᠤᠳ ᠵᠡᠷᠭᠡ ᠣᠨᠴᠠᠭᠠᠶ ᠬᠠᠮᠲᠤᠯᠢᠭ ᠨᠢ ᠰᠦᠯᠵᠢᠶᠡᠨ | ᠭᠠᠳᠠᠨᠠᠬᠢ ᠡᠮᠴᠢᠯᠡᠭᠡᠨ ᠤ ᠳᠠᠭᠠᠳᠬᠠᠯ ᠤᠨ ᠶᠡᠭᠡ ᠲᠢᠩᠬᠢᠮ ᠳᠤ ᠭᠦᠢᠴᠡᠳᠭᠡᠵᠦ ᠪᠣᠯᠤᠨ᠎ᠠ ᠃ | ᠠᠰᠠᠭᠤᠯᠲᠠ᠄ ᠭᠡᠷ ᠪᠦᠯᠢ ᠶᠢᠨ ᠪᠦᠷᠢᠯᠳᠦᠬᠦᠨ ᠯᠡ ᠶᠤᠮ ᠪᠣᠯ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ | ᠬᠡᠷᠡᠭᠯᠡᠵᠦ ᠪᠣᠯᠤᠨ᠎ᠠ ᠦᠦ︖ | ᠬᠠᠷᠢᠭᠤᠯᠲᠠ᠄ ᠪᠢᠰᠢ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ | ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠭᠡᠷ ᠪᠦᠯᠢ ᠶᠢᠨ ᠪᠦᠷᠢᠯᠳᠦᠬᠦᠨ ᠰᠠᠶ᠋ᠢ ᠡᠨᠡ ᠬᠦ ᠲᠥᠷᠥ ᠶᠢᠨ | ᠪᠣᠳᠣᠯᠭ᠎ᠠ ᠶᠢ ᠬᠦᠷᠲᠡᠵᠦ ᠪᠣᠯᠣᠨ᠎ᠠ ᠃ | ᠵᠢᠱᠢᠶᠡᠯᠡᠪᠡᠯ ᠂ ᠯᠢ ᠮᠢᠩ ᠤᠨ ᠡᠵᠢ ᠂ ᠬᠦᠦ ᠪᠣᠯᠤᠨ ᠬᠠᠳᠠᠮ ᠠᠪᠤ ᠨᠢ ᠴᠥᠮ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠦᠨ ᠤ ᠳᠠᠩᠰᠠᠨ ᠡᠷᠦᠬᠡ ᠳᠤ ᠴᠥᠮ ᠦᠯᠡᠳᠡᠪᠦᠷᠢ ᠲᠠᠢ ᠃ ᠡᠭᠦᠨ ᠤ | ᠳᠣᠲᠣᠷ᠎ᠠ ᠵᠥᠪᠬᠡᠨ ᠲᠡᠭᠦᠨ ᠤ ᠬᠦᠦ ᠨᠢ ᠯᠢ ᠮᠢᠩ ᠲᠠᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠂ | ᠯᠢ ᠮᠢᠩ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠪᠠᠷ ᠵᠠᠷᠤᠳᠠᠯ ᠢ ᠲᠥᠯᠥᠵᠦ | ᠪᠣᠯᠤᠨ᠎ᠠ ᠃ ᠡᠵᠢ ᠶᠢᠨ ᠬᠢᠨ ᠳᠠᠩᠰᠠᠨ ᠡᠷᠦᠬᠡ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠨᠢ ᠬᠤᠪᠢ | ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠦᠭᠡᠢ ᠲᠤᠯᠠ ᠬᠠᠷᠢᠯᠴᠠᠨ | ᠲᠤᠰᠠᠯᠠᠯᠴᠠᠵᠤ ᠪᠣᠯᠬᠤ ᠥᠬᠡᠢ ᠃ ᠬᠠᠳᠠᠮ ᠠᠪᠤ ᠨᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠪᠦᠷᠢᠯᠳᠦᠬᠦᠨ ᠳᠤ | ᠲᠣᠭᠠᠴᠠᠭᠳᠠᠬᠤ ᠦᠭᠡᠶ ᠂ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠪᠣᠯᠬᠤ ᠦᠭᠡᠶ ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ | ᠺᠠᠷᠲ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠠᠪᠤ ᠡᠵᠢ ᠂ ᠬᠠᠨᠢ ᠨᠥᠬᠦᠷ ᠂ ᠦᠷ᠎ᠡ | ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠡᠷᠬᠡᠪᠰᠢ ᠬᠤᠶᠠᠷ ᠤᠷᠢᠲᠠᠯ ᠪᠠᠶᠢᠬᠤ ᠬᠡᠷᠡᠭᠲᠡᠢ᠄ ᠨᠢᠭᠡ ᠳᠤ ᠲᠠᠨ ᠤ | ᠠᠪᠤ ᠡᠵᠢ ᠂ ᠬᠠᠨᠢ ᠨᠥᠬᠦᠷ ᠂ ᠦᠷ᠎ᠡ ᠬᠡᠦᠬᠡᠳ ᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ | ᠪᠠᠶᠢᠬᠤ ᠬᠡᠷᠡᠭᠲᠡᠢ ︵ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠪᠠᠭᠲᠠᠨ᠎ᠠ︶︔ ᠬᠤᠶᠠᠷ ᠲᠤ ᠂ ᠲᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠪᠠᠶᠢᠬᠤ ᠬᠡᠷᠡᠭᠲᠡᠢ ᠃ | ᠡᠭᠦᠨ ᠤ ᠬᠠᠮᠲᠤ ᠠᠩᠬᠠᠷᠬᠤ ᠴᠢᠬᠤᠯᠠ ᠲᠠᠢ᠄ ᠨᠢᠭᠡ ᠳᠤ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠡᠲᠡᠭᠡᠳ ᠲᠤ ᠬᠠᠨᠢ | ᠨᠥᠬᠦᠷ ᠤᠨ ᠬᠢᠨ ᠠᠪᠤ ᠡᠵᠢ ᠪᠠᠭᠲᠠᠬᠤ ᠦᠭᠡᠢ ᠃ ᠬᠤᠶᠠᠷ ᠲᠤ ᠬᠠᠷᠢᠯᠴᠠᠨ ᠲᠤᠰᠠᠯᠠᠯᠴᠠᠬᠤ ᠶᠢ ᠬᠦᠷᠲᠡᠬᠦ ᠡᠲᠡᠭᠡᠳ ᠨᠢ | ᠬᠠᠷᠢᠯᠴᠠᠨ ᠲᠤᠰᠠᠯᠠᠭᠴᠢ ᠶᠢᠨ ᠡᠮᠴᠢᠯᠡᠭᠡᠨ ᠤ ᠴᠠᠶᠢᠷᠠᠭᠤᠯᠬᠤ ᠶᠢ ᠬᠦᠷᠲᠡᠵᠦ ᠪᠣᠯᠬᠤ ᠦᠭᠡᠢ ᠂ ᠲᠤᠬᠠᠶᠢᠯᠠᠪᠠᠯ ᠲᠠ ᠬᠤᠪᠢ | ᠬᠥᠮᠥᠨ ᠤ ᠳᠠᠩᠰᠠᠨ ᠡᠷᠦᠬᠡ ᠳᠠᠬᠢ ᠵᠣᠭᠤᠰ ᠢ ᠠᠪᠤ ᠡᠵᠢ ᠳᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠲᠡᠳᠡᠨ ᠡᠪᠡᠳᠴᠢᠨ | ᠦᠵᠡᠭᠦᠯᠦᠭᠡᠳ ᠬᠡᠳᠦᠢ ᠵᠣᠭᠤᠰ ᠢ ᠨᠢ ᠴᠠᠶᠢᠷᠠᠭᠤᠯᠬᠤ ᠪᠣᠯᠬᠤ ᠶᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ | ᠳᠦᠷᠢᠮ ᠢᠶᠠᠷ ᠲᠣᠭᠲᠠᠭᠠᠭᠳᠠᠨ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ︔ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ ᠃ | ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠤ ᠳᠠᠷᠠᠭ᠎ᠠ ᠂ ᠡᠪᠡᠳᠴᠢᠨ | ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠪᠡᠯ ᠲᠠᠭᠠᠷᠠᠬᠤ ᠪᠣᠶ︖ | | ᠬᠠᠷᠢᠭᠤᠯᠲᠠ᠄ ᠶᠠᠮᠠᠷ ᠪᠠᠶᠢᠳᠠᠯ ᠳᠣᠣᠷ᠎ᠠ ᠴᠤ ᠭᠡᠰᠡᠨ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ | ᠡᠷᠬᠡᠪᠰᠢ ᠡᠪᠡᠳᠴᠢᠲᠡᠨ ᠤ ᠲᠤᠰ ᠪᠡᠶ᠎ᠡ ᠶᠢᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠃ ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢᠶᠠᠷ ︽ | ᠬᠠᠷᠢᠯᠴᠠᠨ ᠲᠤᠰᠠᠯᠠᠯᠴᠠᠬᠤ︾ ᠶᠢ ᠵᠢᠭᠠᠵᠤ ᠂ ᠬᠠᠷᠢᠨ ᠡᠮᠴᠢᠯᠡᠭᠡᠨ ᠤ ᠳᠠᠭᠠᠳᠬᠠᠯ ᠤᠨ ᠺᠠᠷᠲ ᠶᠢ ᠵᠢᠭᠠᠵᠤ ᠪᠠᠶᠢᠬᠤ ᠦᠭᠡᠢ ᠃ | | ᠡᠮᠴᠢᠯᠡᠭᠡᠨ ᠤ ᠳᠠᠭᠠᠳᠬᠠᠯ ᠤᠨ ᠵᠢᠷᠤᠮᠯᠠᠬᠤ ᠵᠠᠷᠴᠢᠮ ᠪᠣᠯ ︽ᠲᠣᠰ ᠬᠥᠮᠦᠨ ᠨᠢ ᠳᠠᠭᠠᠳᠬᠠᠯ ᠳᠤ ᠣᠷᠣᠯᠴᠠᠵᠤ ᠂ ᠲᠣᠰ | ᠬᠥᠮᠦᠨ ᠨᠢ ᠣᠯᠭᠤᠮᠵᠢ ᠭᠥᠷᠳᠡᠬᠦ︾ ᠪᠣᠯᠤᠨ᠎ᠠ ᠃ ᠭᠡᠷ ᠪᠦᠯᠢ ᠶᠢᠨ ᠬᠢᠨ ᠬᠠᠷᠢᠯᠴᠠᠨ ᠲᠤᠰᠠᠯᠠᠯᠴᠠᠭᠰᠠᠨ ᠤ ᠳᠠᠷᠠᠭ᠎ᠠ ᠲᠤᠰ | ᠵᠠᠷᠴᠢᠮ ᠢ ᠦᠯᠦ ᠬᠤᠪᠢᠷᠠᠭᠤᠯᠵᠤ ᠂ ᠳᠠᠭᠠᠳᠬᠠᠯ ᠳᠤ ᠣᠷᠣᠯᠴᠠᠭᠰᠠᠳ ᠮᠥᠨ ᠬᠦ ᠥᠪᠡᠷ ᠤᠨ ᠡᠮᠴᠢᠯᠡᠭᠡᠨ ᠤ ᠳᠠᠭᠠᠳᠬᠠᠯ ᠤᠨ | ᠺᠠᠷᠲ ᠢᠶᠠᠷ ᠢᠶᠠᠨ ᠡᠪᠡᠳᠴᠢᠨ ᠦᠵᠡᠭᠦᠯᠵᠦ ᠂ ᠲᠣᠭᠲᠠᠭᠠᠯ ᠶᠣᠰᠣᠭᠠᠷ ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ | ᠣᠯᠭᠤᠮᠵᠢ ᠶᠢ ᠬᠦᠷᠲᠡᠨ᠎ᠡ ᠃ ᠶᠡᠷᠦ ᠶᠢᠨ ᠣᠶᠢᠯᠠᠭᠠᠯᠲᠠ ᠪᠠᠷ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ ᠂ | ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠃ ᠢᠩᠭᠢᠪᠡᠯ ᠣᠯᠠᠨ ᠤ ᠠᠳᠡᠭᠦᠷᠡᠯ ᠢ ᠪᠠᠭᠠᠰᠬᠠᠵᠤ ᠳᠡᠶᠢᠯᠦᠨ᠎ᠡ ᠃ | ᠠᠰᠠᠭᠤᠯᠲᠠ᠄ ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠦᠭᠡᠢ ᠪᠠᠷ ᠡᠮᠨᠡᠭᠦᠯᠪᠡᠯ ᠶᠠᠮᠠᠷ | ᠦᠷ᠎ᠡ ᠳ᠋ᠦᠩ ᠭᠠᠷᠬᠤ ᠪᠣᠢ︖ | ᠬᠠᠷᠢᠭᠤᠯᠲᠠ᠄ ᠬᠤᠪᠢ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠳ᠋ᠤᠭᠠᠷᠯᠠᠵᠤ ᠡᠮᠨᠡᠭᠦᠯᠬᠦ ᠦᠭᠡᠢ ᠪᠣᠯ ︽ | ᠪᠤᠰᠤᠳ ᠤᠨ ᠨᠡᠷ᠎ᠡ ᠪᠠᠷ ᠡᠮᠨᠡᠭᠦᠯᠬᠦ︾ ᠶᠠᠪᠤᠳᠠᠯ ᠪᠣᠯᠣᠨ᠎ᠠ ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ | ᠳ᠋ᠦᠩᠨᠡᠨ ᠪᠤᠳᠤᠬᠤ ᠶᠢ ᠨᠢ ᠲᠦᠷ ᠵᠣᠭᠰᠣᠭᠠᠵᠤ ᠂ ᠬᠦᠨᠳᠦ ᠪᠣᠯ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠣᠨ᠎ᠠ ᠃ | | ︽ᠪᠤᠰᠤᠳ ᠤᠨ ᠨᠡᠷ᠎ᠡ ᠪᠠᠷ ᠡᠮᠨᠡᠭᠦᠯᠬᠦ︾ ᠭᠡᠳᠡᠭ ᠨᠢ ᠳᠠᠷᠤᠶ ᠬᠠᠤᠯᠢ ᠪᠤᠰᠤ ᠪᠠᠷ ᠡᠵᠡᠯᠡᠬᠦ ᠪᠠᠷ ᠵᠣᠷᠢᠯᠭ᠎ᠠ ᠪᠣᠯᠭᠠᠵᠤ | ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ ᠂ ᠲᠣᠭᠲᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠳ᠋ᠤᠭᠠᠷᠯᠠᠨ ᠡᠮᠨᠡᠭᠦᠯᠬᠦ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ | ᠬᠠᠷᠠᠭᠠᠯᠵᠠᠯ ᠢ ᠬᠦᠷᠲᠡᠵᠦ ᠂ ᠡᠭᠦᠨ ᠢᠶᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ | ᠠᠵᠢᠯᠯᠠᠭ᠎ᠠ ᠪᠣᠯᠤᠨ᠎ᠠ ᠃ ᠠᠳᠡᠬᠢ ︽ᠪᠤᠰᠤᠳ ᠬᠥᠮᠥᠨ︾ ᠭᠡᠳᠡᠭ ᠨᠢ ᠳᠠᠭᠠᠳᠬᠠᠯ ᠳᠤ ᠣᠷᠣᠯᠴᠠᠭᠰᠠᠳ ᠠᠴᠠ ᠪᠤᠰᠤᠳ | ᠶᠠᠮᠠᠷᠪᠠ ᠬᠥᠮᠦᠨ ᠢ ᠵᠢᠭᠠᠵᠤ ᠪᠠᠶᠢᠨ᠎ᠠ ᠂ ᠡᠭᠦᠨ ᠳᠤ ᠱᠠᠭᠠᠷᠳᠠᠯᠭ᠎ᠠ ᠶᠣᠰᠣᠭᠠᠷ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ | ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ ᠪᠦᠷᠢᠯᠳᠦᠬᠦᠨ ᠪᠠᠭᠲᠠᠨ᠎ᠠ ᠃ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ | ︾ ᠤᠨ ᠠᠷᠪᠠᠨ ᠳᠣᠯᠣᠳᠤᠭᠠᠷ ᠵᠦᠢᠯ ᠳᠤ ᠂ ︽ᠳᠠᠭᠠᠳᠬᠠᠯ ᠳᠤ ᠣᠷᠣᠯᠴᠠᠭᠰᠠᠳ ᠲᠣᠰ ᠬᠥᠮᠦᠨ ᠤ ᠡᠮᠴᠢᠯᠡᠭᠡᠨ ᠤ | ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠠᠪᠴᠤ ᠡᠮᠨᠡᠭᠦᠯᠬᠦ ᠂ ᠡᠮ ᠬᠤᠳᠠᠯᠳᠤᠨ ᠠᠪᠬᠤ ᠶᠢᠨ ᠬᠠᠮᠲᠤ | ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠬᠦ︾ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ ᠃ ᠳᠥᠴᠢᠨ | ᠨᠢᠭᠡᠳᠦᠭᠡᠷ ᠵᠦᠢᠯ ᠳᠤ ︽ᠬᠤᠪᠢ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠪᠤᠰᠤᠳ ᠬᠥᠮᠦᠨ ᠳᠤ | ᠲᠤᠰᠢᠶᠠᠨ ᠬᠡᠷᠡᠭᠯᠡᠭᠦᠯᠵᠦ ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠂ | ᠵᠠᠷᠯᠢᠭᠳᠠᠵᠤ ᠪᠠᠶᠢᠭᠠᠳ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠴᠢ ᠳᠤ ᠬᠠᠷᠢᠶᠠᠯᠠᠭᠳᠠᠪᠠᠯ ᠂ ᠡᠮᠴᠢᠯᠡᠭᠡᠨ ᠤ ᠵᠠᠷᠤᠳᠠᠯ ᠢ | ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠰᠠᠷ᠎ᠠ ᠠᠴᠠ 12 ᠰᠠᠷ᠎ᠠ ᠲᠦᠷ ᠵᠣᠭᠰᠣᠭᠠᠨ᠎ᠠ︔ ᠪᠤᠰᠤᠳ ᠤᠨ ᠡᠮᠴᠢᠯᠡᠭᠡᠨ ᠤ | ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠬᠡᠷᠡᠭᠯᠡᠨ ᠬᠥᠮᠦᠨ ᠤ ᠨᠡᠷ᠎ᠡ ᠪᠠᠷ ᠡᠮᠨᠡᠭᠦᠯᠬᠦ ᠪᠠ ᠡᠮ ᠬᠤᠳᠠᠯᠳᠤᠨ ᠠᠪᠤᠭᠠᠳ | ᠡᠮᠴᠢᠯᠡᠭᠡᠨ ᠤ ᠰᠠᠭᠤᠷᠢ ᠮᠥᠩᠭᠦ ᠳᠤ ᠬᠤᠬᠢᠷᠠᠯ ᠤᠴᠠᠷᠠᠭᠤᠯᠤᠭᠰᠠᠨ ᠪᠣᠯ ᠪᠠᠰᠠ ᠮᠡᠬᠡᠯᠡᠨ ᠠᠪᠤᠭᠰᠠᠨ ᠵᠣᠭᠤᠰ ᠤᠨ | ᠲᠤᠭ᠎ᠠ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ ᠃︾ ᠭᠡᠵᠦ | ᠲᠣᠳᠣᠷᠬᠠᠢ ᠵᠢᠭᠠᠵᠤ ᠭᠠᠷᠭᠠᠪᠠ ᠃ ᠬᠡᠷᠪᠡ ᠵᠣᠭᠤᠰ ᠤᠨ ᠲᠤᠭ᠎ᠠ ᠨᠢ ᠨᠡᠯᠢᠶᠡᠳ ᠶᠡᠭᠡ ᠂ ᠦᠢᠯᠡ ᠪᠠᠶᠢᠳᠠᠯ ᠨᠢ ᠬᠦᠨᠳᠦ | ᠨᠣᠴᠢᠲᠠᠢ ᠪᠠᠶᠢᠪᠠᠯ ᠪᠠᠰᠠ ᠮᠡᠬᠡᠯᠡᠭᠰᠡᠨ ᠶᠠᠯ᠎ᠠ ᠪᠣᠯᠤᠨ᠎ᠠ ᠃ | ᠵᠢᠱᠢᠶᠠᠯᠡᠪᠡᠯ ᠂ ︽ᠡᠶᠢᠮᠦ ᠪᠠᠭ᠎ᠠ ᠬᠡᠷᠡᠭ ᠢ ᠬᠠᠪᠰᠤᠷᠴᠤ ᠪᠣᠯᠬᠤ ᠦᠭᠡᠢ ᠂ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠭᠡᠭᠳᠡᠨᠡ ᠃︾ ᠭᠡᠳᠡᠭ ᠵᠣᠬᠢᠶᠠᠯ ᠳᠤ ᠳᠤᠷᠠᠳᠤᠭᠰᠠᠨ ᠰᠢᠶᠣᠥ | ᠴᠢᠩ ᠂ ᠲᠡᠷᠡ ᠰᠢᠭᠤᠳ ᠪᠦᠯᠦ ᠥᠬᠢᠨ ᠳᠡᠭᠦᠦ ᠰᠢᠶᠣᠥ ᠯᠠᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠨ | ᠳ᠋ᠤᠭᠠᠷᠯᠠᠵᠤ ᠡᠮᠨᠡᠭᠦᠯᠦᠭᠰᠡᠨ ᠨᠢ ᠳᠠᠷᠤᠢ ᠪᠤᠰᠤᠳ ᠤᠨ ᠨᠡᠷ᠎ᠡ ᠪᠠᠷ ᠡᠮᠨᠡᠭᠦᠯᠦᠭᠰᠡᠨ ᠳᠤ ᠬᠠᠷᠢᠶᠠᠯᠠᠭᠳᠠᠨ᠎ᠠ ᠃ ᠪᠠᠰᠠ | ᠵᠢᠱᠢᠶᠡᠯᠡᠪᠡᠯ ᠂ ᠠᠨᠾᠦ᠋ᠢ ᠶᠢᠨ ᠰᠢᠤᠢ ᠣᠪᠣᠭᠲᠤ ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ | ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠴᠠᠶᠢᠷᠠᠭᠤᠯᠬᠤ ᠬᠠᠷᠠᠭᠠᠯᠵᠠᠯ ᠢ ᠬᠦᠷᠲᠡᠵᠦ ᠂ ᠡᠮᠴᠢᠯᠡᠭᠡᠨ ᠤ | ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠶ ᠲᠥᠭᠦᠷᠢᠭ ᠮᠡᠬᠡᠯᠡᠨ ᠤᠯᠤᠭᠰᠠᠨ ᠤ | ᠬᠠᠮᠲᠤ ᠡᠮ ᠤᠨ ᠵᠦᠢᠯ ᠢ ᠬᠤᠶᠠᠳᠠᠬᠢ ᠤᠳᠠᠭ᠎ᠠ ᠪᠣᠷᠣᠯᠠᠭᠤᠯᠵᠤ ᠬᠠᠤᠯᠢ ᠠᠴᠠ ᠵᠥᠷᠢᠴᠡᠭᠰᠡᠨ ᠣᠯᠵᠠᠪᠤᠷᠢ 1.5 ᠲᠦᠮᠡᠨ | ᠲᠥᠭᠦᠷᠢᠭ ᠣᠯᠵᠤ ᠂ ᠡᠴᠦᠰ ᠲᠡᠭᠡᠨ ᠬᠤᠶᠠᠷ ᠵᠢᠯ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ | ᠰᠢᠢᠳᠭᠡᠭᠳᠡᠭᠰᠡᠨ ᠪᠥᠭᠡᠳ ᠲᠠᠪᠤᠨ ᠮᠢᠩᠭᠠᠨ ᠲᠥᠭᠦᠷᠢᠭ ᠵᠣᠭᠤᠰ ᠢᠶᠠᠷ ᠲᠣᠷᠭᠠᠭᠳᠠᠪᠠ ᠃ ᠰᠢᠤᠢ ᠣᠪᠣᠭᠲᠤ ᠶᠢᠨ ᠦᠢᠯᠡ | ᠠᠵᠢᠯᠯᠠᠭ᠎ᠠ ᠨᠢ ︽ᠪᠤᠰᠤᠳ ᠤᠨ ᠨᠡᠷ᠎ᠡ ᠪᠠᠷ ᠡᠮᠨᠡᠭᠦᠯᠬᠦ︾ ᠳᠤ ᠲᠣᠭᠠᠴᠢᠭᠳᠠᠬᠤ ᠪᠠᠷ ᠪᠠᠷᠠᠬᠤ ᠦᠭᠡᠢ ᠪᠠᠰᠠ ᠶᠠᠯᠠᠲᠤ | ᠠᠵᠢᠯᠯᠠᠭ᠎ᠠ ᠪᠣᠯᠵᠤ ᠂ ᠰᠢᠭᠦᠬᠦ ᠬᠤᠷᠢᠶ᠎ᠠ ︽ᠡᠷᠡᠭᠦᠦ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ | ᠲᠡᠭᠦᠨ ᠳᠤ ᠰᠢᠭᠦᠨ ᠲᠠᠰᠤᠯᠤᠯᠲᠠ ᠭᠠᠷᠭᠠᠪᠠ ᠃ ᠠᠰᠠᠭᠤᠯᠲᠠ᠄ ᠭᠡᠷ ᠤᠨ ᠨᠠᠰᠤᠲᠠᠨ ᠬᠥᠳᠡᠯᠵᠦ ᠪᠠᠷᠢᠬᠤ ᠳᠤ ᠳᠥᠭᠦᠮ | ᠦᠭᠡᠢ ᠂ ᠦᠷ᠎ᠡ ᠬᠡᠦᠬᠡᠳ ᠨᠢ ᠲᠡᠳᠡᠨ ᠢ ᠬᠠᠪᠰᠤᠷᠤᠨ ᠡᠮ ᠬᠤᠳᠠᠯᠳᠤᠨ ᠠᠪᠴᠤ ᠪᠣᠯᠣᠨ᠎ᠠ ᠤᠤ︖ | ᠬᠠᠷᠢᠭᠤᠯᠲᠠ᠄ ᠪᠣᠯᠣᠨ᠎ᠠ ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ | ᠲᠠᠯᠪᠢᠵᠤ ᠬᠠᠮᠢᠶᠠᠷᠬᠤ ᠲᠦᠷᠢᠮ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠲᠤ᠄ ︽ᠣᠨᠴᠠᠭᠠᠶ | ᠰᠢᠯᠲᠠᠭᠠᠨ ᠠᠴᠠ ᠪᠣᠯᠵᠣ ᠪᠤᠰᠤᠳ ᠲᠤ ᠨᠠᠶᠢᠳᠠᠵᠤ ᠡᠮ ᠣᠷᠣᠯᠠᠨ ᠬᠤᠳᠠᠯᠳᠤᠨ ᠠᠪᠤᠭᠤᠯᠬᠤ ᠴᠢᠬᠤᠯᠠᠲᠠᠶ ᠪᠠᠶᠢᠪᠠᠯ ᠂ | ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠶᠢ ᠬᠠᠩᠭᠠᠬᠤ ᠬᠡᠷᠡᠭᠲᠡᠶ︾ ᠭᠡᠵᠦ ᠲᠣᠳᠣᠷᠬᠠᠶ | ᠲᠣᠭᠲᠠᠭᠠᠪᠠ ᠃ | ᠡᠶᠢᠮᠦ ᠠᠴᠠ ᠂ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠣᠣᠷ᠎ᠠ ᠂ ᠦᠷ᠎ᠡ | ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠪᠣᠯᠤᠨ᠎ᠠ ᠃ ᠭᠡᠪᠡᠴᠦ ᠡᠮ ᠬᠤᠳᠠᠯᠳᠤᠨ ᠠᠪᠬᠤ ᠳᠠᠭᠠᠨ ᠡᠮ ᠤᠤᠭᠤᠬᠤ | ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠶ ᠪᠥᠭᠡᠳ ᠨᠠᠶᠢᠳᠠᠭᠴᠢ ᠪᠠ ᠨᠠᠶᠢᠳᠠᠯᠭ᠎ᠠ | ᠬᠦᠯᠢᠶᠡᠭᠴᠢ ᠶᠢᠨ ᠪᠡᠶ᠎ᠡ ᠶᠢᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠶ ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢ | ᠬᠠᠷᠢᠯᠴᠠᠨ ᠲᠤᠰᠠᠯᠠᠯᠴᠠᠵᠤ ᠪᠣᠯᠤᠨ᠎ᠠ ᠂ ᠭᠡᠪᠡᠴᠦ ᠶᠠᠮᠠᠷᠪᠠ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠴᠥᠮ | ᠬᠠᠮᠲᠤᠪᠠᠷ ᠬᠡᠷᠡᠭᠯᠡᠵᠦ ᠪᠣᠯᠬᠤ ᠦᠭᠡᠶ ᠭᠡᠳᠡᠭ ᠢ ᠪᠠᠲᠤ ᠴᠡᠭᠡᠵᠢᠯᠡᠭᠡᠷᠡᠢ︕ |