ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/10/25
     10 ᠰᠠᠷ᠎ᠠ ᠶᠢᠨ 23 ᠤ ᠡᠳᠦᠷ᠂ ᠣᠷᠣᠨ ᠤ ᠨᠠᠮ ᠤᠨ ᠠᠵᠢᠯ ᠤᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠹᠷᠣᠨᠲ ᠠᠴᠠ ᠴᠣᠯᠭᠤᠷᠠᠨ ᠭᠠᠷᠤᠭᠰᠠᠨ ᠪᠠᠭᠠᠲᠤᠷᠯᠢᠭ ᠵᠢᠱᠢᠶᠡᠴᠢ ᠲᠡᠷᠢᠭᠦᠨ ᠤ ᠦᠢᠯᠡ ᠠᠵᠢᠯᠯᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠠᠵᠢᠯ ᠬᠢᠵᠦ ᠦᠢᠯᠡᠰ ᠪᠤᠰᠬᠠᠬᠤ ᠠᠵᠢᠯ ᠤᠨ ᠪᠠᠶᠢᠷᠢ ᠶᠢᠨ ᠴᠢᠳᠠᠪᠤᠷᠢᠲᠠᠨ᠂ ᠮᠡᠷᠭᠡᠵᠢᠯᠲᠡᠨ ᠪᠣᠯᠬᠤ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ︽ᠲᠦᠷᠪᠡᠨ ᠡᠷᠬᠡᠪᠰᠢ ᠪᠠᠷᠢᠮᠲᠠᠯᠠᠬᠤ︾ ᠭᠦᠨᠵᠡᠭᠡᠢ ᠠᠭᠤᠯᠤᠭᠳᠠᠬᠤᠨ ᠢ ᠨᠠᠷᠢᠨ ᠬᠢᠨᠠᠮᠠᠭᠠᠢ ᠣᠶᠢᠯᠠᠭᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠭᠡᠳᠬᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ᠂ ᠠᠨᠾᠦ᠋ᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠶᠢᠨ ᠬᠠᠮᠲᠤ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠪᠠ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠬᠢ ᠪᠠᠶᠠᠯᠢᠭ ᠤᠨ ᠡᠷᠬᠢᠯᠳᠡᠳᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠢᠶᠠᠷ ᠢᠶᠠᠨ ᠤᠯᠤᠰ ᠤᠨ ᠬᠥᠭᠵᠢᠯᠲᠡ ᠶᠢᠨ ᠡᠬᠢ ᠪᠠᠶᠠᠯᠢᠭ ᠤᠨ ᠣᠷᠴᠢᠯ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠶᠢ ᠴᠢᠬᠤᠯᠠ ᠬᠦᠴᠦᠯᠡᠬᠦ ᠴᠡᠭ ᠪᠣᠯᠭᠠᠵᠤ᠂ ᠬᠤᠯᠪᠣᠭᠳᠠᠯ ᠪᠦᠬᠦᠢ ᠲᠦᠷᠦᠭᠦᠦ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠬᠤᠪᠣᠷ ᠰᠢᠷᠣᠢ ᠶᠢ ᠲᠠᠬᠢᠨ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠤᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠰᠠᠶᠢᠨ ᠲᠤᠷᠰᠢᠯᠭ᠎ᠠ ᠪᠠᠷ ᠲᠣᠯᠢ ᠪᠣᠯᠭᠠᠬᠤ ᠶᠢᠨ ᠬᠠᠮᠲᠤ ᠮᠠᠨ ‍ᠤ‌ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠬᠦᠯᠬᠦ᠂ ᠰᠠᠭᠤᠷᠢ ᠬᠠᠮᠢᠶᠠᠷᠤᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠴᠢᠩᠭᠠᠳᠬᠠᠬᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠡᠭᠦᠯᠳᠡᠷᠵᠢᠭᠦᠯᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠵᠢᠷᠤᠮᠵᠢᠭᠤᠯᠬᠤ᠂ ᠭᠠᠵᠠᠷ ᠰᠢᠷᠣᠶ ᠶᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠬᠤ᠂ ᠬᠥᠮᠦᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号