ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠤ ᠲᠦᠷᠦᠭᠦᠦ ᠭᠤᠷᠪᠠᠨ ᠤᠯᠠᠷᠢᠯ ᠤᠨ GDP ᠨᠢ ᠠᠳᠠᠯᠢ ᠬᠤᠭᠤᠴᠠᠭᠠᠨ ᠤ ᠬᠢ ᠠᠴᠠ 8.9 % ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/10/25
    10 ᠰᠠᠷ᠎ᠠ ᠶᠢᠨ 23 ᠤ ᠡᠳᠦᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠄ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 516.6 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 0.9 ᠵᠠᠭᠤᠨ ᠤ ᠬᠤᠪᠢ ᠶᠢᠨ ᠨᠢᠭᠡᠴᠢ ᠠᠴᠠ ᠥᠨᠳᠥᠷ ᠪᠣᠯᠵᠣ᠂ ᠬᠤᠲᠠ ᠶᠢᠨ ᠲᠠᠪᠤᠨ ᠲᠣᠭᠤᠷᠢᠭ ᠤᠨ ᠨᠢᠭᠡᠳᠦᠭᠡᠷ ᠲᠤ ᠵᠢᠭᠰᠠᠭᠠᠭᠳᠠᠪᠠ᠃     ᠡᠨᠡ ᠵᠢᠯ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠣᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠣᠠ ᠵᠢᠨ‌‍ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠦᠴᠦ ᠪᠠᠨ ᠲᠥᠪᠯᠡᠷᠡᠭᠦᠯᠦᠨ ︽ᠬᠤᠶᠠᠷ ᠬᠤᠪᠣᠷ ᠰᠢᠷᠤᠢ ᠶᠢᠨ ᠰᠠᠭᠤᠷᠢᠨ ᠭᠠᠵᠠᠷ︾ ᠢ ᠲᠦᠷᠭᠡᠳᠭᠡᠨ ᠪᠠᠢᠭᠤᠯᠵᠤ᠂ ᠶᠡᠷᠦᠩᠬᠡᠢ ᠬᠡᠮᠵᠢᠶ᠎ᠡ ᠶᠢ ᠡᠷᠡᠰ  ᠭᠤᠶᠢᠪᠢᠰᠢ ᠦᠭᠡᠢ ᠪᠠᠷ ᠪᠤᠵᠠᠭᠠᠢᠷᠠᠭᠤᠯᠤᠨ ᠂ ᠠᠵᠤ ᠠᠬᠤᠢ ᠶᠢᠨ ᠠᠵᠢᠯᠯᠠᠭᠠᠨ ᠳᠤ ᠲᠣᠭᠲᠠᠭᠤᠨ ᠪᠠᠢᠯᠭᠠᠬᠤ ᠶᠢᠨ ᠳᠠᠭᠠᠤ ᠳᠤ  ᠳᠠᠪᠰᠢᠬᠤ  ᠰᠠᠶᠢᠨ ᠪᠠᠶᠢᠳᠠᠯ ᠢᠯᠡᠷᠡᠪᠡ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 5.4 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ 29.8% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 13.3 ᠵᠠᠭᠤᠨ ᠤ ᠴᠡᠭ ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 43.5% ᠶᠢ ᠡᠵᠡᠯᠡᠪᠡ︔ ᠵᠡᠰ ᠤᠨ ᠰᠠᠭᠤᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ 36.9% ᠪᠠᠷ ᠨᠡᠮᠡᠭᠳᠡᠵᠦ᠂ ᠡᠨᠡ ᠵᠢᠯ ᠤᠨ ᠪᠥᠬᠦ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠮᠢᠩᠭᠠᠨ ᠳ᠋ᠦᠩᠰᠢᠭᠤᠷ ᠳᠠᠪᠠᠵᠤ᠂ 3 - 5 ᠵᠢᠯ ᠳᠤ ᠵᠡᠰ ᠤᠨ ᠪᠦᠯᠦᠭ ᠤᠨ ᠠᠵᠤ ᠦᠢᠯᠡᠰ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠪᠦᠯᠦᠭᠵᠢᠯ ᠤᠨ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃     ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠳᠬᠡᠨ᠎ᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 2.7 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠵᠦ᠂ ᠪᠥᠬᠦ ᠣᠷᠣᠨ ᠤ ᠪᠡᠯᠡ ᠣᠷᠣᠭᠤᠯᠤᠯᠲᠠ ᠶᠢ 16.7 ᠵᠠᠭᠤᠨ ᠤ ᠴᠡᠭ ᠨᠡᠮᠡᠭᠳᠡᠭᠦᠯᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ᠃ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 101 ᠪᠠᠶᠢᠵᠤ᠂ ᠪᠠᠯᠠ ᠣᠷᠣᠭᠤᠯᠤᠯᠲᠠ ᠨᠢ ᠪᠥᠬᠦ ᠪᠠᠯᠠ ᠣᠷᠣᠭᠤᠯᠤᠯᠲᠠ ᠶᠢᠨ 35.3% ᠶᠢ ᠡᠵᠡᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠢ 41.3 ᠵᠠᠭᠤᠨ ᠤ ᠴᠡᠭ ᠳᠠᠶᠢᠴᠢᠯᠠᠪᠠ᠃      ᠵᠠᠬ᠎ᠠ ᠳᠡᠯᠭᠡᠭᠦᠷ ᠤᠨ ᠪᠤᠷᠤᠯᠠᠭᠤᠯᠤᠯᠲᠠ ᠯᠠᠪᠳᠠᠭᠤᠨ ᠢᠶᠠᠷ ᠳᠡᠭᠡᠭᠰᠢᠯᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 61.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 0.7 ᠵᠠᠭᠤᠨ ᠤ ᠨᠢᠭᠡᠴᠢ ᠠᠴᠠ ᠥᠨᠳᠥᠷ ᠪᠣᠯᠪᠠ᠃ ᠤᠯᠤᠰ ᠠᠴᠠ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠳᠤ ᠰᠠᠭᠤᠷᠢᠯᠠᠨ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠬᠤ ᠶᠢ ᠳᠠᠶᠢᠴᠢᠯᠠᠬᠤ ᠦᠢᠯᠡᠳᠦᠯ ᠢᠯᠡᠳᠲᠡ ᠪᠣᠯᠵᠣ᠂ 1 - 9 ᠳ᠋ᠦ᠋ᠭᠡᠷ ᠰᠠᠷ᠎ᠠ ᠳᠤ ᠮᠠᠰᠢᠨ ᠲᠡᠷᠭᠡᠨ ᠤ ᠪᠣᠷᠣᠯᠠᠭᠤᠯᠬᠤ ᠬᠡᠮᠵᠢᠶ᠎ᠡ ᠪᠠᠷᠤᠭ 3 ᠲᠦᠮᠡᠨ ᠰᠠᠤᠷᠢ ᠪᠠᠶᠢᠵᠤ᠂ ᠪᠥᠬᠦ ᠬᠤᠲᠠ ᠶᠢᠨ 52% ᠢ ᠡᠵᠡᠯᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 35.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ 93.7% ᠶᠢ ᠡᠵᠡᠯᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 13 ᠵᠠᠭᠤᠨ ᠤ ᠨᠢᠭᠡᠴᠢ ᠨᠡᠮᠡᠭᠳᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号