ᠵᠠᠯᠠᠭᠤᠴᠤᠳ ᠪᠡᠶ᠎ᠡ ᠴᠢᠭᠢᠷᠠᠭ ᠂ ᠡᠪᠡᠳᠴᠢᠨ ᠡᠮᠭᠡᠭ ᠬᠦᠷᠬᠦ ᠨᠢ ᠪᠠᠭ᠎ᠠ ᠂ ᠡᠮᠴᠢᠯᠡᠭᠡᠨ ᠤ ᠳᠠᠭᠠᠳᠬᠠᠯ ᠤᠨ | ᠬᠤᠪᠢ ᠬᠥᠮᠦᠨ ᠤ ᠳᠠᠩᠰᠠᠨ ᠡᠷᠦᠬᠡ ᠳᠤ ᠪᠠᠭ᠎ᠠ ᠪᠤᠰᠤ ᠵᠣᠭᠤᠰ ᠬᠠᠳᠠᠭᠠᠯᠠᠭᠳᠠᠵᠤ ᠪᠠᠶᠢᠳᠠᠭ ᠂ ᠡᠳᠡᠭᠡᠷ ᠵᠣᠭᠤᠰ ᠢ | ᠭᠡᠷ ᠤᠨ ᠬᠥᠮᠦᠰ ᠳᠡᠭᠡᠨ ᠬᠡᠷᠡᠭᠯᠡᠭᠦᠯᠵᠦ ᠪᠣᠯᠣᠨ᠎ᠠ ᠤᠤ︖ ᠶᠠᠭᠠᠬᠢᠵᠤ ᠬᠡᠷᠡᠭᠯᠡᠭᠦᠯᠬᠦ ᠪᠤᠢ︖ ᠣᠶᠢᠷ᠎ᠠ ᠳᠤ ᠂ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠳ᠋ᠤᠭᠠᠷ ᠵᠣᠬᠢᠶᠠᠯ | ᠨᠡᠶᠢᠲᠡᠯᠡᠵᠦ ᠂ ᠳᠠᠭᠠᠳᠬᠠᠯ ᠳᠤ ᠣᠷᠣᠯᠴᠠᠭᠰᠠᠳ ᠤᠨ ᠠᠩᠬᠠᠷᠴᠤ ᠪᠠᠶᠢᠭ᠎ᠠ ︽ᠬᠡᠷ ᠪᠦᠯᠢ ᠶᠢᠨ ᠬᠠᠷᠢᠯᠴᠠᠨ | ᠲᠤᠰᠠᠯᠠᠯᠴᠠᠬᠤ︾ ᠠᠰᠠᠭᠤᠳᠠᠯ ᠳᠤ ᠲᠥᠪᠯᠡᠷᠡᠭᠦᠯᠦᠨ ᠲᠠᠶᠢᠯᠤᠮᠵᠢ ᠬᠢᠪᠡ ᠃ | ᠠᠰᠠᠭᠤᠯᠲᠠ᠄ ᠮᠢᠨᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠢ ᠭᠡᠷ ᠤᠨ ᠬᠥᠮᠦᠰ ᠲᠡᠭᠡᠨ | ᠬᠡᠷᠡᠭᠯᠡᠭᠦᠯᠵᠦ ᠪᠣᠯᠣᠨ᠎ᠠ ᠦᠦ︖ | ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ | ᠺᠠᠷᠲ ᠲᠠᠬᠢ ᠵᠣᠭᠤᠰ ᠨᠢ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠦᠯᠡᠳᠡᠪᠦᠷᠢ ᠶᠢ | ᠵᠢᠭᠠᠵᠤ ᠪᠠᠶᠢᠪᠠᠯ ᠂ ᠪᠣᠯᠣᠨ᠎ᠠ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ | ᠳᠠᠷᠠᠭ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ︽ | ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠭᠡᠬᠦ ᠪᠠᠷ ᠳᠠᠮᠵᠢᠭᠤᠯᠤᠨ ᠂ ᠬᠤᠪᠢ ᠬᠥᠮᠦᠨ ᠤ ᠲᠠᠩᠰᠠᠨ | ᠡᠷᠦᠬᠡ ᠨᠢ ᠨᠢᠭᠡᠨᠲᠡ ᠳᠠᠭᠠᠳᠬᠠᠯ ᠳᠤ ᠣᠷᠣᠯᠴᠠᠭᠰᠠᠨ ᠠᠪᠤ ᠡᠵᠢ ᠂ ᠬᠠᠨᠢ ᠨᠥᠬᠦᠷ ᠪᠠ ᠦᠷ᠎ᠡ ᠬᠡᠤᠬᠡᠳ ᠲᠡᠭᠡᠨ ᠡᠷᠬᠡ | ᠣᠯᠭᠤᠵᠤ ᠪᠣᠯᠤᠨ᠎ᠠ ᠂ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠳᠠᠬᠢ ᠬᠤᠪᠢ ᠬᠥᠮᠦᠨ ᠤ | ᠥᠪᠡᠰᠦᠪᠡᠨ ᠥᠭᠬᠦ ᠬᠡᠰᠡᠭ ᠢ ᠥᠭᠬᠦ ᠳᠤ ᠬᠡᠷᠡᠭᠯᠡᠵᠦ ᠪᠣᠯᠣᠨ᠎ᠠ ᠃ | ᠵᠢᠱᠢᠶᠡᠯᠡᠪᠡᠯ ᠂ ᠯᠢ ᠮᠢᠩ ᠤᠨ ᠬᠦᠦ ᠯᠢ ᠰᠢᠶᠤᠤ ᠮᠢᠩ ᠡᠪᠡᠳᠴᠢᠯᠡᠵᠦ ᠂ ᠯᠢ ᠰᠢᠶᠤᠤ ᠮᠢᠩ ᠡᠮ ᠬᠤᠳᠠᠯᠳᠤᠨ | ᠠᠪᠬᠤ ᠳᠤ ᠬᠤᠪᠢ ᠬᠥᠮᠦᠨ 100 ᠲᠥᠭᠦᠷᠢᠭ ᠲᠤᠰᠢᠶᠠᠬᠤ ᠬᠡᠷᠡᠭᠲᠡᠢ ᠃ ᠯᠢ ᠮᠢᠩ ᠤᠨ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠪᠠᠰᠠ ᠦᠯᠡᠳᠡᠪᠦᠷᠢ ᠲᠠᠢ ᠪᠠᠶᠢᠵᠤ ᠂ ᠬᠡᠷ | ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠤ ᠳᠠᠷᠠᠭ᠎ᠠ ᠂ ᠯᠢ ᠰᠢᠶᠤᠤ ᠮᠢᠩ ᠯᠢ ᠮᠢᠩ ᠤᠨ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢᠶᠠᠷ | ᠡᠨᠡ 100 ᠲᠥᠭᠦᠷᠢᠭ ᠥᠭᠴᠦ ᠪᠣᠯᠤᠨ᠎ᠠ ᠂ ᠡᠨᠡ ᠪᠣᠯ ᠳᠠᠷᠤᠶ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠠᠪᠤᠳᠠᠯ | ᠪᠣᠯᠤᠨ᠎ᠠ ᠃ | ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠬᠡᠷᠬᠢᠨ ᠭᠦᠢᠴᠡᠳᠬᠡᠬᠦ ᠪᠤᠢ︖ | ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠡᠩ ᠤᠨ ᠪᠠᠶᠢᠳᠠᠯ ᠳᠤ ᠬᠠᠷᠢᠯᠴᠠᠨ ᠲᠤᠰᠠᠯᠠᠭᠴᠢ ᠶᠢ ᠵᠢᠭᠠᠨ᠎ᠠ︶ | ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢᠨ ᠣᠷᠣᠨ ᠨᠤᠲᠤᠭ ᠤᠨ | ᠲᠤᠰᠬᠠᠶ ᠲᠣᠭᠤᠷᠢᠭ ᠂ ᠲᠤᠬᠠᠶ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠣᠯᠠᠨ | ᠨᠡᠶᠢᠲᠡ ᠶᠢᠨ ᠸᠢᠴᠠᠲ ᠲᠠᠪᠴᠠᠩ ᠂ ᠠᠯᠪᠠᠨ ᠤ ᠰᠦᠯᠵᠢᠶ᠎ᠡ ᠵᠡᠷᠭᠡ ᠶᠢᠨ ︽ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ | ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ ᠂ ᠰᠦᠯᠵᠢᠶᠡᠨ ᠳᠡᠭᠡᠷ᠎ᠡ ᠭᠦᠢᠴᠡᠳᠬᠡᠵᠦ ᠂ ᠪᠣᠳᠠᠲᠠᠶ ᠠᠷᠭ᠎ᠠ ᠵᠠᠮ ᠢ ᠡᠯ᠎ᠡ | ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠨᠡᠶᠢᠭᠡᠮ ᠳᠤ | ᠢᠯᠡ ᠪᠣᠯᠭᠠᠨ᠎ᠠ ᠃ ᠣᠶᠤᠨᠴᠢ ᠲᠥᠬᠦᠭᠡᠷᠦᠮᠵᠢ ᠶᠢ ᠠᠵᠢᠯᠯᠠᠭᠤᠯᠬᠤ ᠳᠤ ᠬᠦᠴᠢᠷᠲᠡᠶ ᠨᠠᠰᠤᠲᠠᠶᠢᠴᠤᠳ ᠵᠡᠷᠭᠡ | ᠣᠨᠴᠠᠭᠠᠶ ᠬᠠᠮᠲᠤᠯᠢᠭ ᠨᠢ ᠰᠦᠯᠵᠢᠶᠡᠨ ᠭᠠᠳᠠᠨᠠᠬᠢ ᠡᠮᠴᠢᠯᠡᠭᠡᠨ ᠤ ᠳᠠᠭᠠᠳᠬᠠᠯ ᠤᠨ ᠶᠡᠭᠡ ᠲᠢᠩᠬᠢᠮ ᠳᠤ | ᠭᠦᠢᠴᠡᠳᠭᠡᠵᠦ ᠪᠣᠯᠤᠨ᠎ᠠ ᠃ | ᠠᠰᠠᠭᠤᠯᠲᠠ᠄ ᠭᠡᠷ ᠪᠦᠯᠢ ᠶᠢᠨ ᠪᠦᠷᠢᠯᠳᠦᠬᠦᠨ ᠯᠡ ᠶᠤᠮ ᠪᠣᠯ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ | ᠶᠢ ᠬᠡᠷᠡᠭᠯᠡᠵᠦ ᠪᠣᠯᠤᠨ᠎ᠠ ᠦᠦ︖ | ᠬᠠᠷᠢᠭᠤᠯᠲᠠ᠄ ᠪᠢᠰᠢ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ | ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠭᠡᠷ ᠪᠦᠯᠢ ᠶᠢᠨ ᠪᠦᠷᠢᠯᠳᠦᠬᠦᠨ ᠰᠠᠶ᠋ᠢ ᠡᠨᠡ ᠬᠦ | ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃ | ᠵᠢᠱᠢᠶᠡᠯᠡᠪᠡᠯ ᠂ ᠯᠢ ᠮᠢᠩ ᠤᠨ ᠡᠵᠢ ᠂ ᠬᠦᠦ ᠪᠣᠯᠤᠨ ᠬᠠᠳᠠᠮ ᠠᠪᠤ ᠨᠢ ᠴᠥᠮ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠦᠨ ᠤ ᠳᠠᠩᠰᠠᠨ ᠡᠷᠦᠬᠡ ᠳᠤ ᠴᠥᠮ | ᠦᠯᠡᠳᠡᠪᠦᠷᠢ ᠲᠠᠢ ᠃ ᠡᠭᠦᠨ ᠤ ᠳᠣᠲᠣᠷ᠎ᠠ ᠵᠥᠪᠬᠡᠨ ᠲᠡᠭᠦᠨ ᠤ ᠬᠦᠦ ᠨᠢ ᠯᠢ ᠮᠢᠩ ᠲᠠᠢ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ᠶᠢ ᠭᠦᠢᠴᠡᠳᠬᠡᠵᠦ ᠂ ᠯᠢ ᠮᠢᠩ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠡᠷᠦᠬᠡ ᠶᠢᠨ | ᠦᠯᠡᠳᠡᠪᠦᠷᠢ ᠲᠤᠭ᠎ᠠ ᠪᠠᠷ ᠵᠠᠷᠤᠳᠠᠯ ᠢ ᠲᠥᠯᠥᠵᠦ ᠪᠣᠯᠤᠨ᠎ᠠ ᠃ ᠡᠵᠢ ᠶᠢᠨ ᠬᠢᠨ ᠳᠠᠩᠰᠠᠨ ᠡᠷᠦᠬᠡ ᠨᠢ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠨᠢ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ | ᠲᠤᠰᠠᠯᠠᠯᠴᠠᠬᠤ ᠶᠢ ᠭᠦᠢᠴᠡᠳᠬᠡᠭᠰᠡᠨ ᠦᠭᠡᠢ ᠲᠤᠯᠠ ᠬᠠᠷᠢᠯᠴᠠᠨ ᠲᠤᠰᠠᠯᠠᠯᠴᠠᠵᠤ ᠪᠣᠯᠬᠤ ᠥᠬᠡᠢ ᠃ ᠬᠠᠳᠠᠮ ᠠᠪᠤ ᠨᠢ | ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠪᠦᠷᠢᠯᠳᠦᠬᠦᠨ ᠳᠤ ᠲᠣᠭᠠᠴᠠᠭᠳᠠᠬᠤ ᠦᠭᠡᠶ ᠂ ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠪᠣᠯᠬᠤ ᠦᠭᠡᠶ ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ | ᠺᠠᠷᠲ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠠᠪᠤ ᠡᠵᠢ ᠂ ᠬᠠᠨᠢ ᠨᠥᠬᠦᠷ ᠂ ᠦᠷ᠎ᠡ | ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠡᠷᠬᠡᠪᠰᠢ ᠬᠤᠶᠠᠷ ᠤᠷᠢᠲᠠᠯ ᠪᠠᠶᠢᠬᠤ ᠬᠡᠷᠡᠭᠲᠡᠢ᠄ ᠨᠢᠭᠡ ᠳᠤ | ᠲᠠᠨ ᠤ ᠠᠪᠤ ᠡᠵᠢ ᠂ ᠬᠠᠨᠢ ᠨᠥᠬᠦᠷ ᠂ ᠦᠷ᠎ᠡ ᠬᠡᠦᠬᠡᠳ ᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠪᠠᠶᠢᠬᠤ ᠬᠡᠷᠡᠭᠲᠡᠢ ︵ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠪᠠᠭᠲᠠᠨ᠎ᠠ︶︔ ᠬᠤᠶᠠᠷ ᠲᠤ ᠂ ᠲᠠ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ | ᠭᠦᠢᠴᠡᠳᠬᠡᠭᠰᠡᠨ ᠪᠠᠶᠢᠬᠤ ᠬᠡᠷᠡᠭᠲᠡᠢ ᠃ ᠡᠭᠦᠨ ᠤ ᠬᠠᠮᠲᠤ ᠠᠩᠬᠠᠷᠬᠤ ᠴᠢᠬᠤᠯᠠ ᠲᠠᠢ᠄ ᠨᠢᠭᠡ ᠳᠤ ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ ᠡᠲᠡᠭᠡᠳ ᠲᠤ ᠬᠠᠨᠢ ᠨᠥᠬᠦᠷ ᠤᠨ ᠬᠢᠨ ᠠᠪᠤ ᠡᠵᠢ ᠪᠠᠭᠲᠠᠬᠤ ᠦᠭᠡᠢ ᠃ ᠬᠤᠶᠠᠷ ᠲᠤ | ᠬᠠᠷᠢᠯᠴᠠᠨ ᠲᠤᠰᠠᠯᠠᠯᠴᠠᠬᠤ ᠶᠢ ᠬᠦᠷᠲᠡᠬᠦ ᠡᠲᠡᠭᠡᠳ ᠨᠢ ᠬᠠᠷᠢᠯᠴᠠᠨ ᠲᠤᠰᠠᠯᠠᠭᠴᠢ ᠶᠢᠨ ᠡᠮᠴᠢᠯᠡᠭᠡᠨ ᠤ | ᠴᠠᠶᠢᠷᠠᠭᠤᠯᠬᠤ ᠶᠢ ᠬᠦᠷᠲᠡᠵᠦ ᠪᠣᠯᠬᠤ ᠦᠭᠡᠢ ᠂ ᠲᠤᠬᠠᠶᠢᠯᠠᠪᠠᠯ ᠲᠠ ᠬᠤᠪᠢ ᠬᠥᠮᠥᠨ ᠤ ᠳᠠᠩᠰᠠᠨ ᠡᠷᠦᠬᠡ ᠳᠠᠬᠢ | ᠵᠣᠭᠤᠰ ᠢ ᠠᠪᠤ ᠡᠵᠢ ᠳᠤ ᠪᠠᠨ ᠬᠡᠷᠡᠭᠯᠡᠭᠦᠯᠵᠦ ᠪᠣᠯᠣᠨ᠎ᠠ ᠂ ᠭᠡᠪᠡᠴᠦ ᠲᠡᠳᠡᠨ ᠡᠪᠡᠳᠴᠢᠨ ᠦᠵᠡᠭᠦᠯᠦᠭᠡᠳ ᠬᠡᠳᠦᠢ | ᠵᠣᠭᠤᠰ ᠢ ᠨᠢ ᠴᠠᠶᠢᠷᠠᠭᠤᠯᠬᠤ ᠪᠣᠯᠬᠤ ᠶᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ ᠳᠦᠷᠢᠮ ᠢᠶᠠᠷ | ᠲᠣᠭᠲᠠᠭᠠᠭᠳᠠᠨ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ︔ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠵᠣᠬᠢᠴᠠᠩᠭᠤᠶ ᠬᠠᠷᠠᠭᠠᠯᠵᠠᠯ ᠢ ᠬᠦᠷᠲᠡᠨ᠎ᠡ ᠃ | ᠠᠰᠠᠭᠤᠯᠲᠠ᠄ ︽ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠤ ᠳᠠᠷᠠᠭ᠎ᠠ ᠂ | ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠪᠡᠯ | ᠲᠠᠭᠠᠷᠠᠬᠤ ᠪᠣᠶ︖ | ᠬᠠᠷᠢᠭᠤᠯᠲᠠ᠄ ᠶᠠᠮᠠᠷ ᠪᠠᠶᠢᠳᠠᠯ ᠳᠣᠣᠷ᠎ᠠ ᠴᠤ ᠭᠡᠰᠡᠨ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ | ᠡᠷᠬᠡᠪᠰᠢ ᠡᠪᠡᠳᠴᠢᠲᠡᠨ ᠤ ᠲᠤᠰ ᠪᠡᠶ᠎ᠡ ᠶᠢᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠃ ᠭᠡᠷ | ᠪᠦᠯᠢ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠨᠢ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠦᠨ ᠤ ᠳᠠᠩᠰᠠᠨ | ᠡᠷᠦᠬᠡ ᠶᠢᠨ ᠵᠣᠭᠤᠰ ᠢᠶᠠᠷ ︽ᠬᠠᠷᠢᠯᠴᠠᠨ ᠲᠤᠰᠠᠯᠠᠯᠴᠠᠬᠤ︾ ᠶᠢ ᠵᠢᠭᠠᠵᠤ ᠂ ᠬᠠᠷᠢᠨ ᠡᠮᠴᠢᠯᠡᠭᠡᠨ ᠤ ᠳᠠᠭᠠᠳᠬᠠᠯ ᠤᠨ | ᠺᠠᠷᠲ ᠶᠢ ᠵᠢᠭᠠᠵᠤ ᠪᠠᠶᠢᠬᠤ ᠦᠭᠡᠢ ᠃ | ᠡᠮᠴᠢᠯᠡᠭᠡᠨ ᠤ ᠳᠠᠭᠠᠳᠬᠠᠯ ᠤᠨ ᠵᠢᠷᠤᠮᠯᠠᠬᠤ ᠵᠠᠷᠴᠢᠮ ᠪᠣᠯ ︽ᠲᠣᠰ ᠬᠥᠮᠦᠨ ᠨᠢ ᠳᠠᠭᠠᠳᠬᠠᠯ ᠳᠤ ᠣᠷᠣᠯᠴᠠᠵᠤ ᠂ | ᠲᠣᠰ ᠬᠥᠮᠦᠨ ᠨᠢ ᠣᠯᠭᠤᠮᠵᠢ ᠭᠥᠷᠳᠡᠬᠦ︾ ᠪᠣᠯᠤᠨ᠎ᠠ ᠃ ᠭᠡᠷ ᠪᠦᠯᠢ ᠶᠢᠨ ᠬᠢᠨ ᠬᠠᠷᠢᠯᠴᠠᠨ ᠲᠤᠰᠠᠯᠠᠯᠴᠠᠭᠰᠠᠨ ᠤ | ᠳᠠᠷᠠᠭ᠎ᠠ ᠲᠤᠰ ᠵᠠᠷᠴᠢᠮ ᠢ ᠦᠯᠦ ᠬᠤᠪᠢᠷᠠᠭᠤᠯᠵᠤ ᠂ ᠳᠠᠭᠠᠳᠬᠠᠯ ᠳᠤ ᠣᠷᠣᠯᠴᠠᠭᠰᠠᠳ ᠮᠥᠨ ᠬᠦ ᠥᠪᠡᠷ ᠤᠨ | ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠦᠵᠡᠭᠦᠯᠵᠦ ᠂ ᠲᠣᠭᠲᠠᠭᠠᠯ ᠶᠣᠰᠣᠭᠠᠷ ᠲᠤᠰ | ᠬᠥᠮᠦᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠦᠷᠲᠡᠨ᠎ᠡ ᠃ ᠶᠡᠷᠦ ᠶᠢᠨ ᠣᠶᠢᠯᠠᠭᠠᠯᠲᠠ ᠪᠠᠷ | ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ ᠂ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠃ ᠢᠩᠭᠢᠪᠡᠯ | ᠣᠯᠠᠨ ᠤ ᠠᠳᠡᠭᠦᠷᠡᠯ ᠢ ᠪᠠᠭᠠᠰᠬᠠᠵᠤ ᠳᠡᠶᠢᠯᠦᠨ᠎ᠡ ᠃ | ᠠᠰᠠᠭᠤᠯᠲᠠ᠄ ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠦᠭᠡᠢ ᠪᠠᠷ ᠡᠮᠨᠡᠭᠦᠯᠪᠡᠯ | ᠶᠠᠮᠠᠷ ᠦᠷ᠎ᠡ ᠳ᠋ᠦᠩ ᠭᠠᠷᠬᠤ ᠪᠣᠢ︖ | ᠬᠠᠷᠢᠭᠤᠯᠲᠠ᠄ ᠬᠤᠪᠢ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠳ᠋ᠤᠭᠠᠷᠯᠠᠵᠤ ᠡᠮᠨᠡᠭᠦᠯᠬᠦ ᠦᠭᠡᠢ | ᠪᠣᠯ ︽ᠪᠤᠰᠤᠳ ᠤᠨ ᠨᠡᠷ᠎ᠡ ᠪᠠᠷ ᠡᠮᠨᠡᠭᠦᠯᠬᠦ︾ ᠶᠠᠪᠤᠳᠠᠯ ᠪᠣᠯᠣᠨ᠎ᠠ ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ | ᠰᠦᠯᠵᠢᠶ᠎ᠡ ᠪᠠᠷ ᠳ᠋ᠦᠩᠨᠡᠨ ᠪᠤᠳᠤᠬᠤ ᠶᠢ ᠨᠢ ᠲᠦᠷ ᠵᠣᠭᠰᠣᠭᠠᠵᠤ ᠂ ᠬᠦᠨᠳᠦ ᠪᠣᠯ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠪᠣᠯᠣᠨ᠎ᠠ ᠃ | ︽ᠪᠤᠰᠤᠳ ᠤᠨ ᠨᠡᠷ᠎ᠡ ᠪᠠᠷ ᠡᠮᠨᠡᠭᠦᠯᠬᠦ︾ ᠭᠡᠳᠡᠭ ᠨᠢ ᠳᠠᠷᠤᠶ ᠬᠠᠤᠯᠢ ᠪᠤᠰᠤ ᠪᠠᠷ ᠡᠵᠡᠯᠡᠬᠦ ᠪᠠᠷ ᠵᠣᠷᠢᠯᠭ᠎ᠠ | ᠪᠣᠯᠭᠠᠵᠤ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ ᠂ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠳ᠋ᠤᠭᠠᠷᠯᠠᠨ ᠡᠮᠨᠡᠭᠦᠯᠬᠦ ᠶᠢᠨ ᠬᠠᠮᠲᠤ ᠡᠮᠴᠢᠯᠡᠭᠡᠨ ᠤ | ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠵᠦ ᠂ ᠡᠭᠦᠨ ᠢᠶᠠᠷ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠪᠣᠯᠤᠨ᠎ᠠ ᠃ ᠠᠳᠡᠬᠢ ︽ᠪᠤᠰᠤᠳ ᠬᠥᠮᠥᠨ︾ ᠭᠡᠳᠡᠭ ᠨᠢ | ᠳᠠᠭᠠᠳᠬᠠᠯ ᠳᠤ ᠣᠷᠣᠯᠴᠠᠭᠰᠠᠳ ᠠᠴᠠ ᠪᠤᠰᠤᠳ ᠶᠠᠮᠠᠷᠪᠠ ᠬᠥᠮᠦᠨ ᠢ ᠵᠢᠭᠠᠵᠤ ᠪᠠᠶᠢᠨ᠎ᠠ ᠂ ᠡᠭᠦᠨ ᠳᠤ ᠱᠠᠭᠠᠷᠳᠠᠯᠭ᠎ᠠ | ᠶᠣᠰᠣᠭᠠᠷ ︽ᠬᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ | ᠪᠦᠷᠢᠯᠳᠦᠬᠦᠨ ᠪᠠᠭᠲᠠᠨ᠎ᠠ ᠃ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ | ᠲᠦᠷᠢᠮ︾ ᠤᠨ ᠠᠷᠪᠠᠨ ᠳᠣᠯᠣᠳᠤᠭᠠᠷ ᠵᠦᠢᠯ ᠳᠤ ᠂ ︽ᠳᠠᠭᠠᠳᠬᠠᠯ ᠳᠤ ᠣᠷᠣᠯᠴᠠᠭᠰᠠᠳ ᠲᠣᠰ ᠬᠥᠮᠦᠨ ᠤ | ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠠᠪᠴᠤ ᠡᠮᠨᠡᠭᠦᠯᠬᠦ ᠂ ᠡᠮ ᠬᠤᠳᠠᠯᠳᠤᠨ ᠠᠪᠬᠤ ᠶᠢᠨ ᠬᠠᠮᠲᠤ | ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠬᠦ︾ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ ᠃ | ᠳᠥᠴᠢᠨ ᠨᠢᠭᠡᠳᠦᠭᠡᠷ ᠵᠦᠢᠯ ᠳᠤ ︽ᠬᠤᠪᠢ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ | ᠪᠤᠰᠤᠳ ᠬᠥᠮᠦᠨ ᠳᠤ ᠲᠤᠰᠢᠶᠠᠨ ᠬᠡᠷᠡᠭᠯᠡᠭᠦᠯᠵᠦ ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ ᠂ ᠵᠠᠷᠯᠢᠭᠳᠠᠵᠤ ᠪᠠᠶᠢᠭᠠᠳ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠴᠢ ᠳᠤ | ᠬᠠᠷᠢᠶᠠᠯᠠᠭᠳᠠᠪᠠᠯ ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠰᠠᠷ᠎ᠠ ᠠᠴᠠ 12 ᠰᠠᠷ᠎ᠠ | ᠲᠦᠷ ᠵᠣᠭᠰᠣᠭᠠᠨ᠎ᠠ︔ ᠪᠤᠰᠤᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠬᠡᠷᠡᠭᠯᠡᠨ ᠬᠥᠮᠦᠨ ᠤ | ᠨᠡᠷ᠎ᠡ ᠪᠠᠷ ᠡᠮᠨᠡᠭᠦᠯᠬᠦ ᠪᠠ ᠡᠮ ᠬᠤᠳᠠᠯᠳᠤᠨ ᠠᠪᠤᠭᠠᠳ ᠡᠮᠴᠢᠯᠡᠭᠡᠨ ᠤ ᠰᠠᠭᠤᠷᠢ ᠮᠥᠩᠭᠦ ᠳᠤ ᠬᠤᠬᠢᠷᠠᠯ | ᠤᠴᠠᠷᠠᠭᠤᠯᠤᠭᠰᠠᠨ ᠪᠣᠯ ᠪᠠᠰᠠ ᠮᠡᠬᠡᠯᠡᠨ ᠠᠪᠤᠭᠰᠠᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 | ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ ᠃︾ ᠭᠡᠵᠦ ᠲᠣᠳᠣᠷᠬᠠᠢ ᠵᠢᠭᠠᠵᠤ ᠭᠠᠷᠭᠠᠪᠠ ᠃ ᠬᠡᠷᠪᠡ | ᠵᠣᠭᠤᠰ ᠤᠨ ᠲᠤᠭ᠎ᠠ ᠨᠢ ᠨᠡᠯᠢᠶᠡᠳ ᠶᠡᠭᠡ ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠪᠠᠰᠠ ᠮᠡᠬᠡᠯᠡᠭᠰᠡᠨ | ᠶᠠᠯ᠎ᠠ ᠪᠣᠯᠤᠨ᠎ᠠ ᠃ | ᠵᠢᠱᠢᠶᠠᠯᠡᠪᠡᠯ ᠂ ︽ᠡᠶᠢᠮᠦ ᠪᠠᠭ᠎ᠠ ᠬᠡᠷᠡᠭ ᠢ ᠬᠠᠪᠰᠤᠷᠴᠤ ᠪᠣᠯᠬᠤ ᠦᠭᠡᠢ ᠂ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠭᠡᠭᠳᠡᠨᠡ ᠃︾ ᠭᠡᠳᠡᠭ ᠵᠣᠬᠢᠶᠠᠯ ᠳᠤ ᠳᠤᠷᠠᠳᠤᠭᠰᠠᠨ | ᠰᠢᠶᠣᠥ ᠴᠢᠩ ᠂ ᠲᠡᠷᠡ ᠰᠢᠭᠤᠳ ᠪᠦᠯᠦ ᠥᠬᠢᠨ ᠳᠡᠭᠦᠦ ᠰᠢᠶᠣᠥ ᠯᠠᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ | ᠬᠡᠷᠡᠭᠯᠡᠨ ᠳ᠋ᠤᠭᠠᠷᠯᠠᠵᠤ ᠡᠮᠨᠡᠭᠦᠯᠦᠭᠰᠡᠨ ᠨᠢ ᠳᠠᠷᠤᠢ ᠪᠤᠰᠤᠳ ᠤᠨ ᠨᠡᠷ᠎ᠡ ᠪᠠᠷ ᠡᠮᠨᠡᠭᠦᠯᠦᠭᠰᠡᠨ ᠳᠤ ᠬᠠᠷᠢᠶᠠᠯᠠᠭᠳᠠᠨ᠎ᠠ ᠃ | ᠪᠠᠰᠠ ᠵᠢᠱᠢᠶᠡᠯᠡᠪᠡᠯ ᠂ ᠠᠨᠾᠦ᠋ᠢ ᠶᠢᠨ ᠰᠢᠤᠢ ᠣᠪᠣᠭᠲᠤ ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ | ᠨᠢᠭᠡᠨ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠴᠠᠶᠢᠷᠠᠭᠤᠯᠬᠤ ᠬᠠᠷᠠᠭᠠᠯᠵᠠᠯ ᠢ ᠬᠦᠷᠲᠡᠵᠦ ᠂ | ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠶ ᠲᠥᠭᠦᠷᠢᠭ | ᠮᠡᠬᠡᠯᠡᠨ ᠤᠯᠤᠭᠰᠠᠨ ᠤ ᠬᠠᠮᠲᠤ ᠡᠮ ᠤᠨ ᠵᠦᠢᠯ ᠢ ᠬᠤᠶᠠᠳᠠᠬᠢ ᠤᠳᠠᠭ᠎ᠠ ᠪᠣᠷᠣᠯᠠᠭᠤᠯᠵᠤ ᠬᠠᠤᠯᠢ ᠠᠴᠠ ᠵᠥᠷᠢᠴᠡᠭᠰᠡᠨ | ᠣᠯᠵᠠᠪᠤᠷᠢ 1.5 ᠲᠦᠮᠡᠨ ᠲᠥᠭᠦᠷᠢᠭ ᠣᠯᠵᠤ ᠂ ᠡᠴᠦᠰ ᠲᠡᠭᠡᠨ ᠬᠤᠶᠠᠷ ᠵᠢᠯ ᠵᠢᠷᠭᠤᠭᠠᠨ ᠰᠠᠷ᠎ᠠ ᠶᠢᠨ | ᠬᠤᠭᠤᠴᠠᠭ᠎ᠠ ᠲᠠᠢ ᠬᠤᠷᠢᠬᠤ ᠪᠠᠷ ᠰᠢᠢᠳᠭᠡᠭᠳᠡᠭᠰᠡᠨ ᠪᠥᠭᠡᠳ ᠲᠠᠪᠤᠨ ᠮᠢᠩᠭᠠᠨ ᠲᠥᠭᠦᠷᠢᠭ ᠵᠣᠭᠤᠰ ᠢᠶᠠᠷ | ᠲᠣᠷᠭᠠᠭᠳᠠᠪᠠ ᠃ ᠰᠢᠤᠢ ᠣᠪᠣᠭᠲᠤ ᠶᠢᠨ ᠦᠢᠯᠡ ᠠᠵᠢᠯᠯᠠᠭ᠎ᠠ ᠨᠢ ︽ᠪᠤᠰᠤᠳ ᠤᠨ ᠨᠡᠷ᠎ᠡ ᠪᠠᠷ ᠡᠮᠨᠡᠭᠦᠯᠬᠦ︾ ᠳᠤ | ᠲᠣᠭᠠᠴᠢᠭᠳᠠᠬᠤ ᠪᠠᠷ ᠪᠠᠷᠠᠬᠤ ᠦᠭᠡᠢ ᠪᠠᠰᠠ ᠶᠠᠯᠠᠲᠤ ᠠᠵᠢᠯᠯᠠᠭ᠎ᠠ ᠪᠣᠯᠵᠤ ᠂ ᠰᠢᠭᠦᠬᠦ ᠬᠤᠷᠢᠶ᠎ᠠ ︽ᠡᠷᠡᠭᠦᠦ ᠶᠢᠨ | ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠡᠭᠦᠨ ᠳᠤ ᠰᠢᠭᠦᠨ ᠲᠠᠰᠤᠯᠤᠯᠲᠠ ᠭᠠᠷᠭᠠᠪᠠ ᠃ | ᠠᠰᠠᠭᠤᠯᠲᠠ᠄ ᠭᠡᠷ ᠤᠨ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠂ ᠦᠷ᠎ᠡ ᠬᠡᠦᠬᠡᠳ ᠨᠢ ᠲᠡᠳᠡᠨ ᠢ | ᠬᠠᠪᠰᠤᠷᠤᠨ ᠡᠮ ᠬᠤᠳᠠᠯᠳᠤᠨ ᠠᠪᠴᠤ ᠪᠣᠯᠣᠨ᠎ᠠ ᠤᠤ︖ | ᠬᠠᠷᠢᠭᠤᠯᠲᠠ᠄ ᠪᠣᠯᠣᠨ᠎ᠠ ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ | ᠲᠠᠯᠪᠢᠵᠤ ᠬᠠᠮᠢᠶᠠᠷᠬᠤ ᠲᠦᠷᠢᠮ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠲᠤ᠄ ︽ᠣᠨᠴᠠᠭᠠᠶ | ᠰᠢᠯᠲᠠᠭᠠᠨ ᠠᠴᠠ ᠪᠣᠯᠵᠣ ᠪᠤᠰᠤᠳ ᠲᠤ ᠨᠠᠶᠢᠳᠠᠵᠤ ᠡᠮ ᠣᠷᠣᠯᠠᠨ ᠬᠤᠳᠠᠯᠳᠤᠨ ᠠᠪᠤᠭᠤᠯᠬᠤ ᠴᠢᠬᠤᠯᠠᠲᠠᠶ ᠪᠠᠶᠢᠪᠠᠯ ᠂ | ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠶᠢ ᠬᠠᠩᠭᠠᠬᠤ ᠬᠡᠷᠡᠭᠲᠡᠶ︾ ᠭᠡᠵᠦ ᠲᠣᠳᠣᠷᠬᠠᠶ | ᠲᠣᠭᠲᠠᠭᠠᠪᠠ ᠃ | ᠡᠶᠢᠮᠦ ᠠᠴᠠ ᠂ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠣᠣᠷ᠎ᠠ ᠂ | ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠪᠣᠯᠤᠨ᠎ᠠ ᠃ ᠭᠡᠪᠡᠴᠦ ᠡᠮ ᠬᠤᠳᠠᠯᠳᠤᠨ ᠠᠪᠬᠤ ᠳᠠᠭᠠᠨ | ᠡᠮ ᠤᠤᠭᠤᠬᠤ ᠲᠤᠰ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠶ ᠪᠥᠭᠡᠳ ᠨᠠᠶᠢᠳᠠᠭᠴᠢ | ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠶ ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠵᠣᠭᠤᠰ ᠢ | ᠬᠠᠷᠢᠯᠴᠠᠨ ᠲᠤᠰᠠᠯᠠᠯᠴᠠᠵᠤ ᠪᠣᠯᠤᠨ᠎ᠠ ᠂ ᠭᠡᠪᠡᠴᠦ ᠶᠠᠮᠠᠷᠪᠠ ᠬᠥᠮᠦᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠴᠥᠮ | ᠬᠠᠮᠲᠤᠪᠠᠷ ᠬᠡᠷᠡᠭᠯᠡᠵᠦ ᠪᠣᠯᠬᠤ ᠦᠭᠡᠶ ᠭᠡᠳᠡᠭ ᠢ ᠪᠠᠲᠤ ᠴᠡᠭᠡᠵᠢᠯᠡᠭᠡᠷᠡᠢ︕ |