| | ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠰᠢ᠂ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 51 ᠳᠤᠮᠳᠠ ᠵᠢᠵᠢᠭ ᠠᠵᠤ ᠠᠬᠤᠶᠢᠯᠠᠯ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠪᠡ᠃ ᠡᠭᠦᠨ | ᠳᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 31 ᠡᠷᠦᠬᠡ᠂ ᠲᠤᠰᠬᠠᠢ ᠨᠠᠷᠢᠯᠢᠭ | ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ 20 ᠡᠷᠦᠬᠡ ᠪᠠᠭᠳᠠᠨ᠎ᠠ᠃ | | | | | ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠭᠡᠳᠡᠭ ᠨᠢ ᠦᠢᠯᠡᠳᠬᠦᠨ᠂ ᠮᠡᠷᠭᠡᠵᠢᠯ᠂ ᠬᠠᠮᠢᠶᠠᠷᠤᠯᠲᠠ᠂ | ᠵᠠᠭᠪᠤᠷ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠢ ᠨᠠᠷᠢᠨ ᠬᠤᠪᠢᠶᠠᠬᠤ ᠳᠤ | ᠠᠩᠬᠠᠷᠤᠯ ᠢᠶᠠᠨ ᠲᠥᠪᠯᠡᠷᠡᠭᠦᠯᠦᠭᠰᠡᠨ᠂ ᠥᠰᠦᠯᠲᠡ ᠶᠢᠨ ᠴᠢᠨᠠᠷ ᠢᠶᠠᠷ ᠰᠠᠶᠢᠨ ᠳᠤᠮᠳᠠ ᠵᠢᠵᠢᠭ ᠠᠵᠤ ᠠᠬᠤᠶᠢᠯᠠᠯ ᠢ | ᠵᠢᠭᠠᠵᠤ ᠪᠠᠶᠢᠨ᠎ᠠ᠂ ᠲᠡᠷᠡ ᠨᠢ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ | ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ | ᠠᠪᠤᠷᠭᠤ ᠬᠥᠮᠥᠨ︾ ᠤ ᠠᠵᠤ ᠠᠬᠤᠶᠢᠯᠠᠯ ᠵᠡᠷᠭᠡ ᠭᠤᠷᠪᠠᠨ ᠳᠡᠰ ᠳᠠᠪᠬᠤᠷᠭ᠎ᠠ᠂ ᠱᠠᠲᠤ ᠱᠠᠲᠤ ᠪᠠᠷ ᠵᠣᠯᠭᠠᠯᠳᠤᠨ | ᠪᠦᠷᠢᠯᠳᠦᠨ᠎ᠡ᠃ | ᠵᠢᠯ ᠤᠨ ᠡᠬᠢᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠴᠢᠨᠠᠷ | ᠰᠠᠶᠢᠲᠠᠢ ᠳᠤᠮᠳᠠ ᠪᠠᠭ᠎ᠠ ᠠᠵᠤ ᠠᠬᠤᠶᠢᠯᠠᠯ ᠢ ᠱᠠᠲᠤᠴᠢᠯᠠᠨ ᠪᠣᠶᠢᠵᠢᠭᠤᠯᠬᠤ ᠡᠷᠴᠢᠮ ᠢᠶᠠᠨ ᠲᠠᠰᠤᠷᠠᠯᠲᠠ ᠦᠭᠡᠢ | ᠴᠢᠩᠭᠠᠷᠠᠭᠤᠯᠵᠤ᠂ ︽ᠨᠢᠭᠡ ᠪᠦᠯᠦᠭ ᠢ ᠠᠩᠬᠠᠷᠴᠤ᠂ ᠨᠢᠭᠡ ᠪᠦᠯᠦᠭ ᠢ ᠨᠦᠭᠡᠴᠡᠯᠡᠨ᠂ ᠨᠢᠭᠡ ᠪᠦᠯᠦᠭ ᠢ | ᠪᠣᠶᠢᠵᠢᠭᠤᠯᠵᠤ᠂ ᠨᠢᠭᠡ ᠪᠦᠯᠦᠭ ᠢ ᠭᠤᠶᠤᠴᠢᠯᠠᠨ ᠮᠡᠳᠡᠭᠦᠯᠬᠦ︾ ᠪᠣᠶᠢᠵᠢᠭᠤᠯᠤᠯᠲᠠ ᠶᠢᠨ ᠵᠠᠭᠪᠤᠷ ᠢ ᠪᠠᠶᠢᠭᠤᠯᠵᠤ᠂ | ᠲᠤᠰᠬᠠᠢ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠲᠤᠬᠠᠢ ᠶᠢᠨ ᠵᠢᠯ ᠳᠤ ᠭᠤᠶᠤᠴᠢᠯᠠᠨ | ᠮᠡᠳᠡᠭᠦᠯᠦᠭᠰᠡᠨ ᠠᠵᠤ ᠠᠬᠤᠶᠢᠯᠠᠯ ᠤᠨ ᠪᠠᠶᠢᠳᠠᠯ ᠢ ᠤᠷᠢᠳᠴᠢᠯᠠᠨ ᠣᠶᠢᠯᠠᠭᠠᠬᠤ ᠶᠢᠨ ᠬᠠᠮᠲᠤ ᠮᠡᠷᠭᠡᠵᠢᠯ᠂ ᠡᠳ᠋ ᠤᠨ | ᠶᠠᠪᠤᠳᠠᠯ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠣᠷᠣᠨ ᠪᠦᠰᠡ ᠶᠢᠨ ᠲᠤᠰᠬᠠᠢ ᠮᠡᠷᠭᠡᠵᠢᠯᠲᠡᠳ ᠢ | ᠵᠣᠬᠢᠶᠠᠨ ᠪᠠᠶᠢᠭᠤᠯᠵᠤ ᠪᠠᠶᠢᠭᠠᠳ ᠠᠵᠤ ᠠᠬᠤᠶᠢᠯᠠᠯ ᠳᠤ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠬᠢᠯᠭᠡᠵᠡᠢ᠃ ᠣᠲᠣ | ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠨᠢᠭᠡᠨᠲᠡ 85 ᠪᠣᠯᠵᠤ᠂ ᠪᠥᠬᠦ ᠬᠤᠲᠠ ᠶᠢᠨ 40% ᠶᠢ ᠡᠵᠡᠯᠡᠪᠡ᠃ ᠲᠤᠰᠬᠠᠢ | ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠨᠡᠶᠢᠲᠡ 57 ᠪᠣᠯᠵᠤ᠂ ᠪᠥᠬᠦ ᠬᠤᠲᠠ ᠶᠢᠨ 50. | 8% ᠶᠢ ᠡᠵᠡᠯᠡᠪᠡ᠃ | |