ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠬᠦᠩᠭᠡᠨᠴᠠᠭᠠᠨ ᠵᠡᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
     ᠣᠶᠢᠷ᠎ᠠ ᠳᠤ᠂ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠭᠤᠤ ᠶᠦᠩ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ 2024 ᠣᠨ ᠤ  ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠥᠩᠭᠡᠨ ᠴᠠᠭᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠷᠪᠠᠨ ᠵᠦᠢᠯ ᠤᠨ ᠠᠷᠭ᠎ᠠ ᠬᠡᠮᠵᠢᠶ᠎ᠡ︾᠂ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠡᠰ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ︾ ᠶᠢᠨ ᠱᠠᠭᠠᠷᠳᠠᠯᠭ᠎ᠠ ᠶᠣᠰᠣᠭᠠᠷ ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠢᠳᠡᠪᠬᠢᠲᠡᠶ ᠬᠥᠳᠡᠯᠦᠯᠴᠡᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠭᠡᠪᠡᠴᠦ ᠮᠥᠨ ᠯᠡ ᠡᠷᠴᠢᠮ ᠢᠶᠠᠨ ᠨᠡᠮᠡᠭᠳᠡᠭᠦᠯᠵᠦ᠂ ᠬᠤᠷᠳᠤᠴᠠ ᠪᠠᠨ ᠲᠦᠷᠭᠡᠳᠭᠡᠬᠦ ᠴᠢᠬᠤᠯᠠ ᠲᠠᠢ ᠪᠠᠶᠢᠨ᠎ᠠ᠃     ᠬᠤᠷᠠᠯ ᠠᠴᠠ᠂ ᠪᠦᠬᠦ ᠬᠤᠲᠠ ᠶᠢᠨ ᠬᠦᠩᠬᠡᠨᠴᠠᠭᠠᠨ ᠵᠡᠰ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠬᠢᠨᠠᠨ ᠵᠥᠪᠰᠢᠶᠡᠷᠡᠯ ᠢ ᠴᠢᠩᠭ᠎ᠠ ᠠᠩᠬᠠᠷᠴᠤ᠂ ᠬᠠᠮᠢᠶ᠎ᠠ ᠪᠦᠬᠦᠢ ᠭᠠᠵᠠᠷ ᠰᠢᠷᠣᠢ ᠶᠢᠨ ᠬᠡᠷᠡᠭᠴᠡᠭᠡ ᠶᠢ ᠱᠠᠯᠠᠪᠳᠠᠨ ᠳᠤᠬᠢᠷᠠᠭᠤᠯᠵᠤ᠂ ᠰᠠᠭᠤᠷᠢ ᠲᠥᠬᠦᠭᠡᠷᠦᠮᠵᠢ ᠶᠢ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠬᠡᠨ ᠠᠰᠢᠭᠯᠠᠯᠲᠠ ᠳᠤ ᠣᠷᠣᠭᠤᠯᠬᠤ ᠶᠢ ᠱᠠᠯᠠᠪᠳᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠪᠦᠬᠦ ᠬᠤᠲᠠ ᠶᠢᠨ ᠡᠨᠡ ᠵᠢᠯ ᠤᠨ ᠬᠦᠩᠬᠡᠨᠴᠠᠭᠠᠨ ᠤ ᠠᠵᠤ ᠦᠢᠯᠡᠰ ᠤᠨ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠤᠨ ᠪᠦᠯᠦᠭᠵᠢᠯ ᠪᠠ 3 - 5 ᠵᠢᠯ ᠤᠨ ᠵᠡᠰ ᠤᠨ ᠰᠠᠭᠤᠷᠢ ᠶᠢᠨ ᠠᠵᠤ ᠦᠢᠯᠡᠰ ᠤᠨ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠤᠨ ᠪᠦᠯᠦᠭᠵᠢᠯ ᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠱᠠᠭᠠᠷᠳᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠨᠡᠬᠦ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠩᠨᠡᠭᠡᠨ ᠤ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ︽ᠠᠵᠤ ᠦᠢᠯᠡᠰ ᠢ ᠣᠶᠢᠯᠠᠭᠠᠬᠤ᠂ ᠲᠦᠷᠦ ᠶᠢᠨ ᠪᠤᠳᠤᠯᠭ᠎ᠠ ᠶᠢ ᠨᠡᠪᠲᠡᠷᠡᠭᠦᠯᠬᠦ᠂ ᠠᠷᠠᠯᠵᠢᠶᠠᠴᠢᠨ ᠤᠷᠢᠬᠤ ᠳᠤ ᠴᠢᠳᠠᠮᠠᠭᠠᠢ᠂ ᠦᠢᠯᠡᠴᠢᠯᠡᠭᠡ ᠳᠤ ᠴᠢᠳᠠᠮᠠᠭᠠᠢ ᠪᠠᠶᠢᠬᠤ︾ ᠠᠷᠠᠯᠵᠢᠶᠠᠴᠢᠨ ᠤᠷᠢᠬᠤ ᠡᠩᠨᠡᠭᠡ ᠶᠢ ᠵᠣᠬᠢᠶᠠᠨ ᠪᠠᠶᠢᠭᠤᠯᠵᠤ᠂ ᠣᠨᠴᠠᠭᠠᠶᠢᠯᠠᠨ ᠬᠦᠩᠬᠡᠨᠴᠠᠭᠠᠨ ᠵᠡᠰ ᠤᠨ ᠠᠵᠤ ᠦᠢᠯᠡᠰ ᠤᠨ ᠠᠷᠠᠯᠵᠢᠶᠠᠴᠢᠨ ᠤᠷᠢᠬᠤ ᠡᠩᠨᠡᠭᠡ ᠶᠢ ᠴᠢᠩᠭᠠᠳᠬᠠᠵᠤ᠂ᠬᠦᠩᠬᠡᠨᠴᠠᠭᠠᠨ ᠵᠡᠰ ᠤᠨ ᠠᠵᠤ ᠦᠢᠯᠡᠰ ᠤᠨ ᠠᠷᠠᠯᠵᠢᠶᠠᠴᠢᠨ ᠤᠷᠢᠬᠤ ᠠᠵᠢᠯ ᠤᠨ ᠲᠥᠰᠦᠯ ᠢ ᠲᠣᠭᠲᠠᠭᠠᠵᠤ᠂ ᠡᠬᠢ ᠪᠠᠶᠠᠯᠢᠭ ᠢ ᠪᠦᠷᠢᠳᠬᠡᠵᠦ᠂ ᠪᠠᠷᠢᠮᠵᠢᠶ᠎ᠠ ᠲᠠᠢ ᠬᠠᠷᠢᠴᠠᠭᠤᠯᠤᠨ ᠵᠦᠷᠢᠶ᠎ᠡ ᠶᠢ ᠡᠷᠢᠵᠦ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃      ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠤᠢ ᠰᠢᠩ ᠵᠢᠴᠢ ᠬᠠᠮᠢᠶ᠎ᠠ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号