ᠵᠢᠶᠠᠩᠰᠤ ᠮᠤᠵᠢ ᠶᠢᠨ ᠵᠧᠩ ᠹᠧᠢ ᠡᠨᠧᠷᠭᠢ ᠶᠢᠨ ᠰᠤᠷᠪᠤᠯᠵᠢ ᠶᠢᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠲᠤᠷᠰᠢᠯᠲᠠ ᠶᠢᠨ ᠪᠠᠶᠢᠴᠠᠭᠠᠨ ᠬᠡᠮᠵᠢᠯᠲᠡ ᠶᠢᠨ ᠣᠶᠤᠨ ᠤ ᠪᠣᠳᠣᠯᠲᠠ ᠶᠢᠨ ᠲᠦᠷᠦᠯ ᠵᠦᠢᠯ ᠭᠠᠷ ᠤᠨ ᠦᠰᠦᠭ ᠵᠢᠷᠣᠪᠠ
ᠨᠡᠶᠢᠲᠡᠯᠡᠭᠰᠡᠨ ᠴᠠᠭ᠄
2024/10/9
    ᠣᠶᠢᠷ᠎ᠠ ᠳᠤ᠂ ᠵᠢᠶᠠᠩᠰᠤ ᠶᠢᠨ ᠵᠧᠩ ᠹᠧᠢ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠲᠤᠷᠰᠢᠯᠲᠠ ᠶᠢᠨ ᠰᠢᠯᠭᠠᠨ ᠬᠡᠮᠵᠢᠬᠦ ᠣᠶᠤᠨ ᠤ ᠪᠣᠳᠣᠯᠭ᠎ᠠ ᠶᠢᠨ ᠠᠵᠢᠯᠯᠠᠭᠤᠯᠵᠤ ᠪᠠᠲᠤᠯᠠᠬᠤ ᠲᠥᠷᠥᠯ ᠵᠦᠢᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠠᠷ ᠤᠨ ᠥᠰᠥᠭ ᠵᠢᠷᠤᠪᠠ᠃     ᠲᠣᠰ ᠲᠥᠷᠥᠯ ᠵᠦᠢᠯ ᠳᠤ ᠪᠠᠷᠤᠭ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠷᠤᠭ 5000 ᠲᠦᠮᠡᠨ ᠲᠥᠭᠦᠷᠢᠭ ᠪᠠᠶᠢᠨ᠎ᠠ ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠭᠦᠯᠵᠦ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠴᠠᠬᠢᠯᠭᠠᠨ ᠬᠦᠴᠦ᠂ ᠰᠢᠨ᠎ᠡ ᠡᠨᠧᠷᠭᠢ ᠶᠢᠨ ᠲᠥᠷᠥᠯ ᠵᠦᠢᠯ ᠢ ᠲᠤᠷᠰᠢᠬᠤ᠂ ᠪᠠᠶᠢᠴᠠᠭᠠᠨ ᠬᠡᠮᠵᠢᠬᠦ᠂ ᠲᠣᠬᠢᠷᠠᠭᠤᠯᠤᠨ ᠲᠤᠷᠰᠢᠬᠤ᠂ ᠠᠵᠢᠯᠯᠠᠭᠤᠯᠵᠤ ᠪᠠᠲᠤᠯᠠᠬᠤ ᠪᠣᠯᠣᠨ᠎ᠠ᠃ ᠲᠦᠷᠦᠯ ᠵᠦᠢᠯ ᠨᠢ ᠪᠤᠭᠤᠲᠤ ᠶᠢᠨ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠵᠢᠴᠢ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠵᠦ᠂ ᠥᠪᠥᠷ ᠮᠣᠩᠭᠤᠯ ᠵᠢᠴᠢ ᠤᠮᠠᠷᠠᠲᠤ ᠣᠷᠣᠨ ᠳᠤ ᠬᠠᠨᠳᠤᠭᠤᠯᠤᠭᠰᠠᠨ ᠪᠠᠶᠢᠴᠠᠭᠠᠨ ᠰᠢᠯᠭᠠᠬᠤ ᠵᠠᠬ᠎ᠠ ᠳᠡᠯᠭᠡᠭᠦᠷ ᠲᠤ ᠬᠠᠨᠳᠤᠭᠤᠯᠤᠨ᠂ ᠰᠠᠯᠬᠢ᠂ ᠭᠡᠷᠡᠯ᠂ ᠨᠥᠭᠡᠴᠡᠯᠡᠬᠦ᠂ ᠴᠡᠨᠡᠭᠯᠡᠬᠦ᠂ ᠤᠰᠤᠲᠥ᠋ᠷᠥᠭᠴᠢ ᠨᠢ ᠴᠠᠬᠢᠯᠭᠠᠨ ᠢᠶᠠᠷ ᠭᠤᠣᠯ ᠪᠣᠯᠭᠠᠭᠰᠠᠨ ᠭᠤᠷᠪᠠᠳᠠᠭᠢ ᠡᠲᠡᠭᠡᠳ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠲᠤᠷᠰᠢᠯᠲᠠ᠂ ᠪᠠᠶᠢᠴᠠᠭᠠᠨ ᠰᠢᠯᠭᠠᠬᠤ ᠤᠶᠤᠨ ᠤ ᠪᠣᠳᠣᠯᠭ᠎ᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠠᠷᠠᠭᠤᠨ ᠬᠤᠶᠢᠲᠤ ᠶᠢᠨ ᠣᠷᠣᠨ ᠪᠦᠰᠡ ᠶᠢᠨ ᠬᠠᠮᠤᠭ ᠤᠨ ᠶᠡᠭᠡ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠲᠠᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠠᠵᠤ ᠦᠢᠯᠡᠰ ᠤᠨ ᠤᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠤᠶᠤᠨ ᠤ ᠪᠣᠳᠣᠯᠭ᠎ᠠ ᠶᠢᠨ ᠲᠠᠪᠴᠠᠩ ᠢ ᠪᠠᠶᠢᠭᠤᠯᠤᠨ᠎ᠠ᠃ ᠪᠦᠬᠦᠨ ᠢᠶᠠᠷ ᠢᠶᠠᠨ ᠦᠢᠯᠡᠳᠪᠦᠷᠢᠯᠡᠯ ᠳᠤ ᠣᠷᠣᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 1 ᠳ᠋ᠦᠩᠰᠢᠭᠤᠷ ᠲᠥᠭᠦᠷᠢᠭ᠂ ᠠᠰᠢᠭ ᠬᠤᠨᠵᠢᠪᠤᠷᠢ ᠨᠢ 5000 ᠲᠦᠮᠡᠨ ᠲᠥᠭᠦᠷᠢᠭ᠂ ᠵᠢᠯ ᠤᠨ ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ ᠨᠢ 500 ᠲᠦᠮᠡᠨ ᠲᠥᠭᠦᠷᠢᠭ ᠪᠣᠯᠣᠨ᠎ᠠ᠃    ᠵᠢᠶᠠᠩᠰᠤ ᠶᠢᠨ ᠵᠧᠩ ᠹᠧᠢ ᠡᠨᠧᠷᠭᠢ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠵᠢᠴᠢ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠦᠬᠦ ᠠᠮᠢ ᠠᠬᠤᠢ ᠶᠢᠨ ᠬᠡᠯᠬᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠳᠤ ᠬᠦᠴᠦ ᠲᠠᠯᠪᠢᠵᠤ᠂ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠴᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤᠮᠳᠠ ᠨᠠᠶᠢᠷᠠᠮᠳᠠᠬᠤ︾ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠠᠨᠳᠤᠭᠤᠯᠤᠨ᠂ ︽ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠬᠢᠭᠡᠳ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠲᠣᠣᠷ ᠤᠨ ᠬᠤᠶᠠᠷ ᠲᠠᠯ᠎ᠠ︾ ᠶᠢᠨ ᠡᠨᠧᠷᠭᠢ ᠶᠢᠨ ᠰᠤᠷᠪᠤᠯᠵᠢ ᠴᠠᠬᠢᠯᠭᠠᠨ ᠬᠦᠴᠦᠨ ᠤ ᠰᠢᠨᠵᠢᠯᠡᠭᠡᠨ ᠤ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠡᠨᠧᠷᠭᠢ ᠶᠢᠨ ᠰᠤᠷᠪᠤᠯᠵᠢ ᠴᠠᠬᠢᠯᠭᠠᠨ ᠬᠦᠴᠦᠨ ᠤ ᠣᠨᠴᠠᠯᠢᠭ ᠢᠶᠠᠷ ᠢᠯᠡ ᠲᠣᠳᠣ ᠥᠨᠳᠥᠷ ᠬᠢᠷᠢ ᠲᠦᠪᠰᠢᠨ ᠪᠦᠬᠦᠢ ᠡᠨᠧᠷᠭᠢ ᠶᠢᠨ ᠰᠤᠷᠪᠤᠯᠵᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠣᠳᠣᠬᠠᠨ ᠳᠤ ᠨᠢᠭᠡᠨᠲᠡ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ  ᠲᠣᠭᠲᠠᠭᠠᠬᠤ᠂ ᠯᠠᠪᠯᠠᠭ᠎ᠠ ᠥᠭᠴᠦ ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ᠂ ᠲᠣᠭᠠᠴᠢᠯᠠᠭᠰᠠᠨ ᠡᠨᠧᠷᠭᠢ᠂ ᠪᠣᠬᠢᠷᠲᠤᠯ ᠦᠭᠡᠢ ᠠᠷᠠᠯᠵᠢᠶ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠵᠢᠷᠭᠤᠭᠠᠨ ᠶᠡᠭᠡ ᠲᠤᠬᠠᠶᠢᠯᠠᠭᠰᠠᠨ ᠠᠵᠢᠯ ᠤᠨ ᠬᠡᠰᠡᠭ ᠢᠶᠠᠷ ᠪᠦᠷᠢᠯᠳᠦᠵᠠᠢ᠃ ᠭᠤᠣᠯ ᠦᠢᠯᠡᠴᠢᠯᠡᠭᠡᠳᠡᠨ ᠵᠢᠴᠢ ᠠᠮᠢ ᠠᠬᠤᠢ ᠶᠢᠨ ᠬᠡᠯᠬᠢᠶ᠎ᠡ ᠶᠢᠨ ᠬᠠᠨᠢᠲᠠᠨ ᠳᠤ ᠳᠣᠷᠣᠨᠠᠳᠠᠬᠢᠨ ᠤ ᠴᠠᠬᠢᠯᠭᠠᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ ᠳ᠋ᠠ ᠲᠠᠩ ᠪᠦᠯᠦᠭᠯᠡᠯ᠂ ᠬᠤᠸᠠ ᠷᠦᠨ ᠴᠠᠬᠢᠯᠭᠠᠨ ᠬᠦᠴᠦ᠂ ᠤᠯᠤᠰ ᠤᠨ ᠴᠠᠬᠢᠯᠭᠠᠨ ᠲᠣᠣᠷ᠂ ᠳᠤᠮᠳᠠᠳᠤ ᠤᠯᠤᠰ ᠤᠨ ᠡᠮᠦᠨᠡᠲᠦ ᠶᠢᠨ ᠴᠠᠬᠢᠯᠭᠠᠨ ᠲᠣᠣᠷ᠂ ᠳᠤᠮᠳᠠᠳᠤ ᠤᠯᠤᠰ ᠤᠨ ᠭᠤᠷᠪᠠᠨ ᠬᠠᠪᠴᠢᠯ᠂ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠬᠤᠸᠠ ᠨᠥ᠋ᠩ᠂ ᠨᠡᠷᠡᠨ ᠭᠡᠷᠡᠯ ᠴᠠᠬᠢᠯᠭᠠᠨ ᠡᠭᠦᠰᠬᠡᠭᠴᠢ ᠵᠡᠷᠭᠡ ᠤᠯᠤᠰ ᠤᠨ ᠳᠣᠲᠣᠭᠠᠳᠤ ᠶᠢᠨ ᠨᠠᠷᠠᠲᠠᠢ ᠲᠥᠪ ᠤᠨ ᠠᠵᠤ ᠠᠬᠤᠶᠢᠯᠠᠯ ᠵᠢᠴᠢ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠪᠠᠭᠲᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号