︽ᠬᠠᠨᠢ ᠬᠡᠯᠪᠡᠷᠢ︾ ᠶᠢᠨ ᠦᠢᠯᠡᠴᠢᠯᠡᠭᠡ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/9
    ᠣᠶᠢᠷ᠎ᠠ ᠳᠤ᠂ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠶᠢᠨ ᠵᠣᠬᠢᠶᠠᠨ ᠪᠠᠶᠢᠭᠤᠯᠵᠤ ᠮᠡᠳᠡᠭᠦᠯᠦᠭᠰᠡᠨ 219 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠣᠲᠣᠷᠠᠬᠢ 88 ᠨᠢ 2024 ᠣᠨ ᠤ ᠨᠢᠭᠡᠳᠦᠭᠡᠷ ᠪᠦᠯᠦᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠠᠮᠵᠢᠯᠲᠠ ᠲᠠᠢ ᠪᠠᠷ ᠳᠠᠩᠰᠠᠯᠠᠭᠤᠯᠵᠤ᠂ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠢ ᠶᠠᠭ ᠵᠠᠷᠯᠠᠨ ᠨᠡᠶᠢᠲᠡᠯᠡᠵᠦ ᠪᠠᠶᠢᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠱᠠᠲᠤᠴᠢᠯᠠᠨ ᠪᠣᠶᠢᠵᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠶᠢᠨ ᠲᠤᠰᠠᠳᠠ᠂ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ︽ᠬᠠᠨᠢ ᠮᠠᠶ᠋ᠢᠭ︾ ᠤᠨ ᠦᠢᠯᠡᠴᠢᠯᠡᠭᠡ ᠶᠢ ᠦᠢᠯᠡᠳᠦᠯᠭᠡᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ︱ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ︱ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠤᠨ ᠪᠤᠶᠢᠵᠢᠯᠲᠠ ᠶᠢᠨ ᠠᠷᠭ᠎ᠠ ᠵᠠᠮ ᠢᠶᠠᠷ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠷᠳᠤᠴᠠ ᠶᠢ ᠲᠦᠷᠭᠡᠳᠬᠡᠬᠦ ᠳᠤ ᠬᠦᠴᠦ ᠨᠠᠮᠠᠷᠢᠯᠡᠨ ᠡᠨᠡ ᠵᠢᠯ ᠨᠢᠭᠡᠨᠲᠡ 219 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 62 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠪᠡ᠃   ᠨᠡᠶᠢᠲᠡᠴᠢ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠰᠡᠳᠦᠪᠲᠦ ᠲᠠᠶᠢᠯᠤᠮᠵᠢ ᠶᠢ ᠢᠳᠡᠪᠬᠢᠲᠡᠢ ᠥᠷᠨᠢᠭᠦᠯᠦᠨ᠎ᠡ    ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠠᠪᠤᠴᠠ ᠳᠤ ᠲᠣᠬᠢᠶᠠᠯᠳᠤᠭᠰᠠᠨ ᠨᠡᠶᠢᠳᠡᠮ ᠤᠨ ᠴᠢᠨᠠᠷᠲᠠᠢ ᠠᠰᠠᠭᠤᠳᠠᠯ ᠳᠤ ᠴᠢᠭᠯᠡᠭᠦᠯᠦᠨ᠂ ᠣᠨᠴᠠ ᠤᠷᠢᠭᠰᠠᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠭᠤᠶᠤᠴᠢᠯᠠᠨ ᠮᠡᠳᠡᠭᠦᠯᠬᠦ ᠭᠤᠣᠯᠳᠠᠯᠭ᠎ᠠ᠂ ᠠᠩᠬᠠᠷᠬᠤ ᠵᠦᠢᠯᠡᠰ ᠵᠡᠷᠭᠡ ᠳᠤ ᠭᠤᠣᠯᠳᠠᠯᠭ᠎ᠠ ᠲᠠᠢ ᠨᠠᠷᠢᠨ ᠲᠣᠳᠣᠷᠬᠠᠶᠢᠯᠠᠯᠲᠠ ᠬᠢᠵᠦ᠂ ᠣᠲᠣ ᠪᠣᠯᠲᠠᠯ᠎ᠠ᠂ ᠡᠯ᠎ᠡ ᠲᠥᠷᠥᠯ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠨᠡᠶᠢᠲᠡ 8 ᠣᠳᠠᠭ᠎ᠠ ᠬᠢᠨ ᠠᠵᠤ ᠠᠬᠤᠶᠢᠯᠠᠯ ᠢ ᠨᠡᠶᠢᠲᠡ 800 ᠰᠢᠬᠠᠮ ᠤᠳᠠᠭ᠎ᠠ ᠬᠠᠪᠰᠤᠷᠤᠨ ᠵᠢᠯᠣᠭᠤᠳᠪᠠ᠃     ᠰᠢᠨ᠎ᠡ ᠶᠢ ᠡᠭᠦᠳᠬᠦ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠪᠠᠷ ᠪᠣᠶᠢᠵᠢᠭᠤᠯᠬᠤ ᠠᠵᠢᠯ ᠢ ᠦᠷᠨᠢᠭᠦᠯᠪᠠ     ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠰᠤᠳᠤᠯᠤᠨ ᠨᠡᠭᠡᠭᠡᠬᠦ ᠴᠢᠳᠠᠪᠤᠷᠢ ᠪᠠᠷ ᠴᠢᠩᠭ᠎ᠠ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ ᠭᠦᠢᠴᠡᠳ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠬᠤ ᠶᠢᠨ ᠬᠠᠮᠲᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ ᠵᠢᠯᠤᠭᠤᠳᠬᠤ︾ ᠵᠠᠷᠴᠢᠮ ᠶᠣᠰᠣᠭᠠᠷ᠂ ᠠᠵᠤ ᠠᠬᠤᠶᠢᠯᠠᠯ ᠳᠤ ᠮᠡᠳᠡᠭᠦᠯᠬᠦ ᠲᠥᠰᠥᠯ ᠢ ᠪᠡᠶ᠎ᠡ ᠳᠤᠨᠢ ᠲᠣᠬᠢᠷᠠᠭᠤᠯᠤᠨ ᠲᠣᠭᠲᠠᠭᠠᠵᠤ ᠦᠭᠪᠠ᠃    ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠶᠢ ᠢᠳᠡᠪᠬᠢᠲᠡᠢ ᠥᠷᠨᠢᠭᠦᠯᠦᠨ᠎ᠡ    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ᠂ ᠬᠥᠩᠭᠡᠨ ᠴᠠᠭᠠᠨ ᠵᠡᠰ ᠵᠡᠷᠭᠡ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠤᠨ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠶᠢ ᠪᠥᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠬᠠᠪᠰᠤᠷᠤᠨ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号