ᠳᠤᠮᠳᠠᠳᠤ ᠤᠯᠤᠰ ᠤᠨ ᠶᠠᠰᠤ ᠴᠢᠨᠠᠷ ᠤᠨ ᠨᠡᠶᠢᠭᠡᠮᠯᠢᠭ ᠣᠶᠢᠷ᠎ᠠ ᠶᠢᠨ ᠡᠳᠦᠷ ︽2024 ᠣᠨ ᠤ ᠶᠠᠰᠤ | ᠴᠢᠨᠠᠷ ᠤᠨ ᠬᠡᠪ ᠳᠠᠭᠤᠷᠢᠶᠠᠯ ᠤᠨ ᠨᠡᠶᠢᠲᠡᠯᠢᠭ ᠲᠤᠷᠰᠢᠯᠭ᠎ᠠ︾ ᠶᠢᠨ ᠨᠡᠷᠡᠰ ᠢ ᠨᠡᠶᠢᠲᠡᠯᠡᠵᠦ᠂ ᠪᠤᠭᠤᠲᠤ ᠶᠢᠨ ᠶᠦᠨ ᠱᠧᠩ | ᠴᠢᠩᠭ᠎ᠠ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠬᠡᠷᠡᠭᠵᠢᠭᠦᠯᠵᠦ | ᠂ ᠪᠣᠬᠢᠷᠲᠤᠯ ᠦᠭᠡᠢ ᠬᠠᠮᠵᠢᠯᠴᠠᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠦᠢᠯᠡᠳᠦᠯᠭᠡ ᠶᠢᠨ ᠲᠤᠷᠰᠢᠯᠭ᠎ᠠ ᠶᠢ | ᠠᠮᠵᠢᠯᠲᠠ ᠲᠠᠢ ᠰᠣᠩᠭᠤᠪᠠ᠃ | ᠶᠠᠰᠤ ᠴᠢᠨᠠᠷ ᠤᠨ ᠬᠡᠪ ᠳᠠᠭᠤᠷᠢᠶᠠᠯ ᠤᠨ ᠨᠡᠶᠢᠲᠡᠯᠢᠭ ᠲᠤᠷᠰᠢᠯᠭ᠎ᠠ ᠶᠢ ᠰᠢᠯᠢᠨ ᠰᠣᠩᠭᠤᠬᠤ ᠪᠣᠯ ︽ᠶᠠᠰᠤ | ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠭᠰᠡᠨ | ᠠᠵᠤ ᠠᠬᠤᠶᠢᠯᠠᠯ ᠢ ᠰᠢᠯᠭᠠᠷᠠᠭᠤᠯᠬᠤ ᠠᠵᠢᠯ ᠪᠣᠯᠣᠨ᠎ᠠ᠃ ᠶᠠᠰᠤ ᠴᠢᠨᠠᠷ ᠤᠨ ᠬᠡᠪ ᠳᠠᠭᠤᠷᠢᠶᠠᠯ ᠢᠶᠠᠷ ᠦᠨᠡᠯᠡᠭᠳᠡᠭᠰᠡᠨ | ᠨᠡᠶᠢᠲᠡᠯᠢᠭ ᠲᠤᠷᠰᠢᠯᠭ᠎ᠠ ᠨᠢ ᠰᠣᠩᠭᠤᠭᠳᠠᠭᠰᠠᠨ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠶᠠᠰᠤ | ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ ᠨᠢᠭᠡᠨᠲᠡ ᠠᠵᠢᠯ ᠲᠥᠷᠥᠯ ᠤᠨ ᠵᠢᠱᠢᠶ᠎ᠡ ᠦᠵᠡᠭᠦᠯᠬᠦ ᠦᠢᠯᠡᠳᠦᠯ | ᠭᠠᠷᠭᠠᠭᠰᠠᠨ ᠢ ᠬᠠᠷᠠᠭᠤᠯᠵᠤ᠂ ᠪᠥᠬᠦ ᠤᠯᠤᠰ ᠤᠨ ᠬᠡᠪᠴᠢᠶᠡᠨ ᠳᠠᠬᠢ ᠶᠠᠰᠤ ᠴᠢᠨᠠᠷ ᠤᠨ ᠬᠠᠮᠢᠶᠠᠷᠤᠯᠲᠠ ᠶᠢᠨ | ᠲᠡᠷᠢᠭᠦᠨ ᠤ ᠬᠢᠷᠢ ᠬᠡᠮᠵᠢᠶ᠎ᠡ ᠶᠢ ᠲᠥᠯᠥᠭᠡᠯᠡᠭᠰᠡᠨ ᠪᠠᠶᠢᠨ᠎ᠠ᠃ ᠪᠤᠭᠤᠲᠤ ᠶᠢᠨ ᠶᠦᠨ ᠱᠧᠩ ᠴᠢᠶᠠᠩ ᠰᠣᠷᠢᠨᠵᠢᠨ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠪᠠ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠶᠢ ᠬᠥᠭᠵᠢᠯᠲᠡ ᠶᠢᠨ ᠭᠤᠣᠯ ᠪᠠᠶᠢᠯᠳᠤᠬᠤ ᠪᠣᠳᠣᠯᠭ᠎ᠠ ᠪᠠᠨ ᠪᠣᠯᠭᠠᠵᠤ᠂ ︽ᠰᠢᠨ᠎ᠡ ᠶᠢ ᠡᠭᠦᠳᠬᠦ | ᠮᠠᠲ᠋ᠧᠷᠢᠶᠠᠯ ᠢᠶᠠᠷ ᠳᠡᠯᠡᠬᠡᠢ ᠶᠢ ᠳᠠᠶᠢᠴᠢᠯᠠᠬᠤ︾ ᠡᠨᠡᠬᠦ ᠠᠵᠤ ᠠᠬᠤᠶᠢᠯᠠᠯ ᠤᠨ ᠵᠣᠷᠢᠯᠲᠠ ᠶᠢ ᠪᠠᠷᠢᠮᠲᠠᠯᠠᠵᠤ᠂ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠠᠵᠢᠯ ᠢ ᠲᠡᠷᠢᠭᠦᠨ ᠪᠠᠶᠢᠷᠢᠨ ᠳᠤ ᠲᠠᠯᠪᠢᠪᠠ᠃ 2024 ᠣᠨ ᠳᠤ | ᠺᠣᠮᠫᠠᠨᠢ ︽ᠰᠢᠨ᠎ᠡ ᠶᠢ ᠡᠭᠦᠳᠬᠦ ᠬᠥᠭᠵᠢᠯᠲᠡ᠂ ᠪᠣᠬᠢᠷᠲᠤᠯ ᠦᠭᠡᠢ ᠬᠠᠮᠵᠢᠯᠴᠠᠭ᠎ᠠ ᠶᠢ ᠬᠡᠷᠡᠭᠵᠢᠭᠦᠯᠦᠭᠰᠡᠨ ᠶᠠᠰᠤ | ᠴᠢᠨᠠᠷ ᠤᠨ ᠬᠠᠮᠢᠶᠠᠷᠤᠯᠲᠠ ᠶᠢᠨ ᠦᠢᠯᠡᠳᠦᠯᠭᠡ ᠶᠢᠨ ᠲᠤᠷᠰᠢᠯᠭ᠎ᠠ︾ ᠪᠠᠷ ᠢᠶᠠᠨ ᠪᠥᠬᠦ ᠤᠯᠤᠰ ᠤᠨ ᠶᠠᠰᠤ ᠴᠢᠨᠠᠷ ᠤᠨ | ᠬᠡᠪ ᠳᠠᠭᠤᠷᠢᠶᠠᠯ ᠤᠨ ᠨᠡᠶᠢᠲᠡᠯᠢᠭ ᠲᠤᠷᠰᠢᠯᠭ᠎ᠠ ᠶᠢᠨ ᠴᠣᠯᠠ ᠶᠢ ᠭᠥᠷᠳᠡᠪᠡ᠃ | ᠲᠤᠰ ᠲᠤᠷᠰᠢᠯᠭ᠎ᠠ ᠶᠢᠨ ᠬᠡᠷᠡᠭᠵᠢᠭᠦᠯᠦᠯᠲᠡ ᠨᠢ ᠭᠤᠣᠯᠳᠠᠭᠤ ᠰᠢᠨ᠎ᠡ ᠶᠢ ᠡᠭᠦᠳᠬᠦ ᠬᠥᠭᠵᠢᠯᠲᠡ ᠵᠢᠴᠢ ᠪᠣᠬᠢᠷᠲᠤᠯ | ᠦᠭᠡᠢ ᠪᠣᠯᠭᠠᠬᠤ ᠬᠠᠮᠵᠢᠯᠴᠠᠭ᠎ᠠ ᠬᠤᠶᠠᠷ ᠲᠠᠯ᠎ᠠ ᠪᠠᠷ ᠶᠠᠪᠤᠭᠳᠠᠨ᠎ᠠ᠃ ᠰᠢᠨ᠎ᠡ ᠶᠢ ᠡᠭᠦᠳᠬᠦ ᠬᠥᠭᠵᠢᠯᠲᠡ ᠶᠢᠨ | ᠲᠠᠯ᠎ᠠ ᠪᠠᠷ᠂ ᠺᠣᠮᠫᠠᠨᠢ ᠨᠢ ᠶᠠᠰᠤ ᠴᠢᠨᠠᠷ ᠢ ᠳᠠᠶᠢᠴᠢᠯᠠᠬᠤ ᠬᠠᠷᠠᠯᠲᠠ ᠪᠠᠷ ᠤᠳᠤᠷᠢᠳᠤᠮᠵᠢ ᠪᠣᠯᠭᠠᠵᠤ᠂ | ᠪᠠᠷᠢᠮᠵᠢᠶᠠᠵᠢᠭᠤᠯᠤᠯᠲᠠ᠂ 6S ᠬᠠᠮᠢᠶᠠᠷᠤᠯᠲᠠ᠂ TPM᠂ ᠵᠦᠢ ᠵᠣᠬᠢᠰᠲᠠᠢ ᠰᠠᠨᠠᠭᠤᠯᠭ᠎ᠠ᠂ ᠬᠠᠷᠠᠭᠳᠠᠭᠤᠯᠬᠤ | ᠵᠡᠷᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠯᠡᠨ ᠶᠠᠰᠤ ᠴᠢᠨᠠᠷ ᠤᠨ ᠰᠢᠰᠲ᠋ᠧᠮ ᠤᠨ ᠡᠯ᠎ᠡ ᠭᠤᠭᠴᠤᠭ᠎ᠠ ᠵᠢᠴᠢ | ᠬᠦᠴᠦᠨ ᠵᠦᠢᠯ ᠳᠤ ᠲᠤᠤᠱᠯᠠᠭᠤᠯᠪᠠ᠃ ᠲᠡᠩᠴᠡᠭᠦᠷᠢᠲᠦ ᠨᠠᠷᠢᠯᠢᠭ ᠦᠢᠯᠡᠳᠪᠦᠷᠢᠯᠡᠯ ᠢᠶᠠᠷ ᠳᠠᠮᠵᠢᠭᠤᠯᠤᠨ ᠭᠠᠳᠠᠭᠰᠢ | ᠭᠠᠷᠭᠠᠵᠤ᠂ ᠥᠪᠡᠷ ᠤᠨ ᠦᠷᠳᠡᠭ ᠢ ᠪᠠᠭᠤᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ | ᠨᠡᠮᠡᠭᠳᠡᠭᠦᠯᠬᠦ ᠵᠣᠷᠢᠯᠭ᠎ᠠ ᠶᠢ ᠪᠡᠶᠡᠯᠡᠭᠦᠯᠦᠨ᠎ᠡ᠃ ᠪᠣᠬᠢᠷᠲᠤᠯ ᠦᠭᠡᠢ ᠪᠣᠯᠭᠠᠬᠤ ᠬᠠᠮᠵᠢᠯᠴᠠᠭ᠎ᠠ ᠶᠢᠨ ᠲᠠᠯ᠎ᠠ ᠪᠠᠷ᠂ ᠺᠣᠮᠫᠠᠨᠢ | ISO9001᠂ ISO14001᠂ ISO45001 ᠪᠠ ISO50001 ᠵᠡᠷᠭᠡ ᠣᠯᠠᠨ ᠤᠯᠤᠰ ᠤᠨ | ᠪᠠᠷᠢᠮᠵᠢᠶ᠎ᠠ ᠶᠣᠰᠣᠭᠠᠷ᠂ ᠶᠡᠷᠦᠩᠬᠡᠶᠢᠯᠡᠭᠰᠡᠨ ᠶᠠᠰᠤ ᠴᠢᠨᠠᠷ᠂ ᠣᠷᠴᠢᠨ ᠲᠣᠭᠤᠷᠢᠨ᠂ ᠠᠵᠢᠯ ᠮᠡᠷᠭᠡᠵᠢᠯ ᠤᠨ ᠡᠷᠡᠭᠦᠯ | ᠮᠡᠨᠳᠦ ᠠᠮᠤᠷ ᠲᠦᠪᠰᠢᠨ ᠪᠠ ᠡᠨᠧᠷᠭᠢ ᠶᠢᠨ ᠬᠠᠮᠢᠶᠠᠷᠤᠯᠲᠠ ᠵᠡᠷᠭᠡ ᠪᠣᠬᠢᠷᠲᠤᠯ ᠦᠭᠡᠢ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠠᠭᠤᠯᠭ᠎ᠠ᠂ ᠲᠠᠰ ᠳᠠᠷᠠᠭᠠᠯᠠᠯ ᠪᠠ ᠪᠠᠷᠢᠮᠵᠢᠶ᠎ᠠ ᠶᠢ | ᠵᠢᠷᠣᠮᠵᠢᠭᠤᠯᠣᠨ ᠳᠡᠭᠡᠳᠦ ᠴᠢᠳᠠᠪᠬᠢᠲᠤ ᠰᠣᠷᠢᠨᠵᠢᠨ ᠮᠠᠲ᠋ᠧᠷᠢᠶᠠᠯ ᠢ ᠥᠨᠳᠥᠷ ᠠᠰᠢᠭᠯᠠᠮᠵᠢ ᠲᠠᠢ ᠪᠣᠯᠭᠠᠬᠤ᠂ ᠪᠣᠬᠢᠷᠲᠤᠯ | ᠦᠭᠡᠢ ᠴᠢᠨᠠᠷ ᠰᠠᠶᠢᠲᠠᠢ ᠦᠢᠯᠡᠳᠬᠦ ᠶᠢ ᠪᠡᠶᠡᠯᠡᠭᠦᠯᠦᠨ᠎ᠡ᠃ |