︽ᠰᠢᠢᠳᠪᠦᠷᠢᠯᠡᠬᠦ ᠰᠡᠳᠬᠢᠬᠦᠢ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ | ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠬᠦ ᠳᠤ | ᠂ ᠪᠥᠬᠦ ᠬᠤᠲᠠ ᠶᠢᠨ ᠡᠯ᠎ᠡ ᠱᠠᠲᠤᠨ ᠤ ᠬᠢᠨ ᠢ ᠳᠠᠶᠢᠴᠢᠯᠠᠨ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ︽ | ᠲᠦᠮᠡᠨ ᠶᠠᠪᠤᠳᠠᠯ ᠳᠤ ᠬᠠᠷᠢᠭᠤᠯᠳᠠ ᠲᠠᠢ︾ ᠰᠢᠪᠲᠤᠯᠤᠯᠲᠠ ᠶᠢᠨ ᠵᠣᠷᠢᠭ ᠰᠠᠨᠠᠭ᠎ᠠ ᠪᠠᠷ ᠡᠨᠡ ᠵᠢᠯ ᠤᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨ᠎ᠡ ᠪᠠᠶᠢᠳᠠᠯ ᠰᠢᠨ᠎ᠡ ᠨᠥᠬᠦᠴᠡᠯ | ᠳᠣᠣᠷ᠎ᠠ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠠᠵᠤ | ᠠᠬᠤᠢ ᠶᠢᠨ ᠬᠥᠭᠵᠢᠯᠲᠡ ᠶᠢᠨ ᠲᠣᠪᠴᠢᠶ᠎ᠠ ᠲᠤᠰᠬᠠᠢ ᠰᠡᠳᠦᠪᠲᠦ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ ᠠᠵᠢᠯ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ᠂ ᠵᠣᠷᠢᠭ ᠰᠠᠨᠠᠭ᠎ᠠ ᠶᠢ ᠬᠥᠭᠵᠢᠭᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠲᠦᠯᠬᠢᠨ ᠠᠬᠢᠭᠤᠯᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠨᠠᠩ ᠰᠠᠶᠢᠨ ᠦᠷ᠎ᠡ ᠪᠦᠲᠦᠭᠡᠯ ᠢ ᠲᠡᠮᠡᠴᠡᠨ ᠣᠯᠵᠤ᠂ ᠨᠠᠩ ᠰᠠᠶᠢᠨ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠴᠦ᠂ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ ᠳᠠᠬᠢᠨ ᠰᠢᠨ᠎ᠡ ᠳᠡᠭᠲᠡᠷ ᠲᠤ | ᠭᠠᠷᠭᠠᠨ᠎ᠠ᠃ | ᠦᠵᠡᠯ ᠰᠠᠨᠠᠭ᠎ᠠ ᠪᠠᠨ ᠬᠤᠪᠢᠷᠠᠭᠤᠯᠵᠤ᠂ ︽ᠰᠢᠢᠳᠪᠦᠷᠢᠯᠡᠬᠦ ᠰᠡᠳᠬᠢᠬᠦᠢ ᠶᠢ ᠪᠣᠶ ᠪᠣᠯᠭᠠᠬᠤ︾ ᠶᠢ ᠲᠥᠷᠥᠯ | ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ ᠳᠡᠭᠡᠷ᠎ᠡ ᠢᠯᠡᠷᠡᠭᠦᠯᠦᠨ᠎ᠡ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠥᠬᠦ ᠲᠠᠯ᠎ᠠ ᠪᠠᠷ ᠢᠶᠠᠨ ︽ᠰᠢᠢᠳᠪᠦᠷᠢᠯᠡᠬᠦ ᠰᠡᠳᠬᠢᠬᠦᠢ︾ ᠶᠢ | ᠪᠠᠲᠤ ᠪᠠᠬᠢ ᠪᠣᠶ ᠪᠣᠯᠭᠠᠵᠤ᠂ ᠠᠰᠠᠭᠤᠳᠠᠯ ᠳᠤ ᠬᠠᠨᠳᠤᠬᠤ ᠳᠠᠭᠠᠨ ᠬᠤᠶᠢᠷᠭᠤᠰᠢᠬᠤ ᠦᠭᠡᠢ᠂ ᠲᠣᠭᠤᠷᠢᠭᠤᠯᠵᠤ | ᠲᠣᠭᠰᠢᠭᠤᠯᠬᠤ ᠦᠭᠡᠢ᠂ ᠵᠠᠶᠢᠯᠠᠭᠤᠯᠬᠤ ᠦᠭᠡᠢ ᠪᠠᠶᠢᠵᠤ᠂ ᠭᠦᠨᠵᠡᠭᠡᠢ ᠵᠠᠳᠠᠯᠤᠨ ᠰᠢᠨᠵᠢᠯᠡᠵᠦ᠂ ᠲᠦᠭᠵᠢᠷᠡᠯ ᠢ | ᠰᠤᠳᠤᠯᠤᠨ᠂ ᠠᠷᠭ᠎ᠠ ᠬᠡᠮᠵᠢᠶ᠎ᠡ ᠪᠠᠨ ᠲᠣᠳᠣᠷᠬᠠᠢ ᠪᠣᠯᠭᠠᠭᠰᠠᠨ ᠪᠠᠶᠢᠨ᠎ᠠ᠃ ᠲᠥᠷᠥᠯ ᠵᠦᠢᠯ ᠤᠨ ᠪᠡᠯᠡ ᠮᠥᠩᠭᠦ ᠶᠢ | ᠴᠥᠭᠡᠨ ᠣᠯᠬᠤ ᠪᠠᠷ ᠴᠢᠷᠮᠠᠶᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠷᠴᠠ ᠴᠢᠳᠠᠮᠠᠭᠠᠢ ᠬᠥᠮᠥᠰ ᠢ | ᠰᠣᠩᠭᠤᠨ ᠲᠣᠬᠢᠷᠠᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠲᠤᠰᠬᠠᠢ ᠠᠩᠭᠢ ᠪᠠᠶᠢᠭᠤᠯᠤᠨ᠂ ᠤᠯᠤᠰ ᠤᠨ | ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠠᠯᠢ ᠣᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ | ᠣᠯᠬᠤ ᠪᠠᠷ ᠴᠢᠷᠮᠠᠶᠢᠨ᠎ᠠ᠃ ᠲᠥᠷᠥᠯ ᠵᠦᠢᠯ ᠤᠨ ᠪᠡᠯᠡ ᠮᠥᠩᠭᠦ ᠣᠯᠬᠤ ᠶᠢᠨ ᠬᠠᠪᠰᠤᠷᠤᠨ ᠵᠢᠯᠤᠭᠤᠳᠬᠤ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢᠨ ᠬᠦᠷᠢᠶ᠎ᠡ ᠴᠠᠷᠠᠭ᠎ᠠ ᠶᠢᠨ | ᠲᠤᠰᠬᠠᠢ ᠮᠡᠷᠭᠡᠵᠢᠯᠲᠡᠨ ᠵᠢᠴᠢ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢ | ᠤᠷᠢᠨ ᠬᠢᠴᠢᠶᠡᠯᠯᠡᠵᠦ ᠲᠠᠶᠢᠯᠤᠮᠵᠢ ᠬᠢᠯᠭᠡᠵᠦ᠂ ᠮᠠᠨ ᠤ ᠣᠷᠣᠨ ᠤ ᠲᠥᠷᠥᠯ ᠵᠦᠢᠯ ᠢ ᠨᠠᠶᠢᠷᠠᠭᠤᠯᠤᠨ ᠮᠡᠳᠡᠭᠦᠯᠬᠦ᠂ | ᠪᠣᠭᠤᠳᠠᠯᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠡᠯᠡ ᠮᠥᠩᠭᠦ ᠭᠤᠶᠤᠴᠢᠯᠠᠨ ᠮᠡᠳᠡᠭᠦᠯᠦᠭᠡᠳ ᠠᠮᠵᠢᠯᠲᠠ | ᠣᠯᠬᠤ ᠨᠣᠷᠮ᠎ᠠ ᠶᠢ ᠲᠡᠭᠡᠭᠰᠢᠯᠡᠭᠦᠯᠪᠠ᠃ ᠣᠳᠣᠬᠠᠨ ᠳᠤ ᠮᠠᠨ ᠤ ᠣᠷᠣᠨ ᠤ ᠪᠡᠯᠡ ᠮᠥᠩᠭᠦ ᠶᠢᠨ ᠲᠥᠷᠥᠯ ᠵᠦᠢᠯ ᠤᠨ | ᠨᠥᠭᠡᠴᠡᠯᠡᠬᠦ ᠬᠥᠮᠥᠷᠭᠡ ᠶᠢ ᠨᠢᠭᠡᠨᠲᠡ ᠪᠠᠶᠢᠭᠤᠯᠵᠤ᠂ ᠨᠥᠭᠡᠴᠡᠯᠡᠬᠦ ᠲᠥᠷᠥᠯ ᠵᠦᠢᠯ ᠢ 120 ᠵᠦᠢᠯ ᠠᠴᠠ ᠳᠡᠭᠡᠭᠰᠢ᠂ | ᠤᠬᠠᠭᠠᠯᠠᠨ ᠰᠡᠳᠦᠵᠦ ᠪᠣᠭᠤᠳᠠᠯᠯᠠᠬᠤ ᠲᠥᠷᠥᠯ ᠵᠦᠢᠯ ᠢ 20 ᠵᠦᠢᠯ ᠠᠴᠠ ᠳᠡᠭᠡᠭᠰᠢ ᠪᠣᠯᠭᠠᠵᠤ᠂ ᠪᠥᠬᠦ ᠵᠢᠯ ᠳᠤ | ᠲᠣᠰ ᠰᠠᠯᠠᠭ᠎ᠠ ᠮᠥᠴᠢᠷ ᠤᠨ ᠢᠶᠠᠨ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠷᠮᠠᠶᠢᠨ | ᠣᠯᠵᠤ᠂ ᠪᠥᠬᠦ ᠣᠷᠣᠨ ᠤ ᠪᠡᠯᠡ ᠮᠥᠩᠭᠦ ᠶᠢ 12 ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠷᠮᠠᠶᠢᠨ ᠣᠯᠬᠤ ᠶᠢ | ᠲᠦᠯᠬᠢᠨ ᠠᠬᠢᠭᠤᠯᠪᠠ᠃ | ᠰᠤᠷᠲᠠᠯ ᠢᠶᠠᠨ ᠴᠢᠩᠭᠠᠷᠠᠭᠤᠯᠵᠤ᠂ ︽ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ︾ ᠶᠢ ᠡᠯ᠎ᠡ ᠵᠦᠢᠯ ᠤᠨ | ᠠᠵᠤ ᠠᠬᠤᠢ ᠶᠢᠨ ᠭᠦᠢᠴᠡᠳᠬᠡᠯ ᠲᠤᠭ᠎ᠠ ᠳᠡᠭᠡᠷ᠎ᠡ ᠢᠯᠡᠷᠡᠭᠦᠯᠬᠦ ᠬᠡᠷᠡᠭᠲᠡᠢ | ᠪᠦᠬᠦ ᠬᠤᠲᠠ ᠪᠠᠷ ᠢᠶᠠᠨ ︽ᠰᠢᠢᠳᠪᠦᠷᠢᠯᠡᠬᠦ ᠰᠡᠳᠬᠢᠬᠦᠢ ᠲᠠᠢ ᠪᠣᠯᠵᠤ᠂ ᠠᠵᠢᠯ ᠤᠨ ᠪᠠᠷᠢᠮᠵᠢᠶ᠎ᠠ ᠪᠠᠨ | ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ︾ ᠲᠤᠰᠬᠠᠢ ᠰᠡᠳᠦᠪᠲᠦ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠪᠠᠶᠢᠭ᠎ᠠ ᠦᠶ᠎ᠡ᠂ ᠮᠦᠨ ᠴᠣ᠋ ᠪᠦᠬᠦ ᠵᠢᠯ ᠤᠨ ᠬᠠᠷᠠᠯᠲᠠ ᠡᠭᠦᠷᠭᠡ ᠶᠢᠨ | ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠬᠤᠭᠤᠴᠠᠭ᠎ᠠ ᠪᠠ ᠰᠢᠪᠲᠤᠯᠤᠯᠲᠠ ᠶᠢᠨ ᠬᠤᠭᠤᠴᠠᠭ᠎ᠠ ᠪᠣᠯᠣᠨ᠎ᠠ | ᠂ ᠢᠷᠡᠬᠦ ᠵᠢᠯ ᠤᠨ ᠠᠵᠢᠯ ᠢᠶᠠᠨ ᠰᠠᠶᠢᠨ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠮᠠᠨ ᠤ ᠲᠣᠪᠴᠢᠶ᠎ᠠ | ᠲᠤᠰᠬᠠᠢ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠤᠨ ᠪᠠᠷᠢᠮᠵᠢᠶ᠎ᠠ ᠪᠠᠨ ᠲᠡᠭᠡᠭᠰᠢᠯᠡᠭᠦᠯᠦᠨ ᠪᠦᠬᠦ ᠵᠢᠯ ᠤᠨ ᠬᠠᠷᠠᠯᠲᠠ | ᠡᠭᠦᠷᠭᠡ ᠳᠤ ᠬᠦᠴᠦᠯᠡᠨ ᠰᠢᠪᠲᠤᠯᠤᠯᠲᠠ ᠬᠢᠪᠠ᠃ 1-10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.3% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠶᠢᠨ ᠬᠢ ᠠᠴᠠ 4.9 ᠵᠠᠭᠤᠨ ᠤ ᠨᠢᠭᠡᠴᠢ ᠥᠨᠳᠥᠷ ᠪᠣᠯᠪᠠ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.4% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠶᠢᠨ ᠬᠢ ᠠᠴᠠ 9.5 ᠵᠠᠭᠤᠨ ᠤ ᠨᠢᠭᠡᠴᠢ ᠥᠨᠳᠥᠷ ᠪᠣᠯᠪᠠ ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.9% | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ 0.7 ᠵᠠᠭᠤᠨ ᠤ ᠨᠢᠭᠡᠴᠢ ᠥᠨᠳᠥᠷ | ᠪᠣᠯᠪᠠ᠃ ᠡᠭᠦᠨ ᠤ ᠬᠠᠮᠲᠤ ᠵᠢᠱᠢᠯᠲᠡ ᠠᠴᠠ ᠳᠠᠪᠠᠭᠤᠯᠤᠨ ᠪᠦᠬᠦ ᠲᠠᠯ᠎ᠠ ᠶᠢᠨ ᠠᠵᠤ ᠠᠬᠤᠢ ᠶᠢᠨ ᠭᠦᠢᠴᠡᠳᠬᠡᠬᠦ | ᠲᠤᠭ᠎ᠠ ᠶᠢ ᠪᠡᠶᠡᠯᠡᠭᠦᠯᠬᠦ ᠪᠠᠷ ᠴᠢᠷᠮᠠᠶᠢᠵᠤ᠂ ᠵᠢᠱᠢᠯᠲᠡ ᠪᠠᠷ ᠪᠦᠬᠦ ᠵᠢᠯ ᠤᠨ GDP ᠶᠢ 10 % ᠣᠷᠴᠢᠮ ᠢᠶᠠᠷ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠬᠤᠷᠰᠢᠶ᠎ᠠ ᠶᠢᠨ | ᠲᠡᠭ ᠶᠡᠷᠦᠩᠬᠡᠢ ᠲᠤᠭ᠎ᠠ ᠶᠢ 6% ᠠᠴᠠ ᠳᠡᠭᠡᠭᠰᠢ ᠨᠡᠮᠡᠭᠳᠡᠭᠦᠯᠦᠨ᠎ᠡ᠃ | ᠴᠢᠳᠠᠪᠤᠷᠢ ᠪᠠᠨ ᠳᠡᠭᠡᠭᠰᠢᠯᠡᠭᠦᠯᠵᠦ᠂ ︽ᠨᠡᠩ ᠰᠠᠶᠢᠨ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠬᠤ︾ ᠶᠢ | ᠴᠢᠬᠤᠯᠠ ᠶᠡᠭᠡ ᠵᠦᠢᠯᠡᠰ ᠢ ᠲᠦᠯᠬᠢᠨ ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠦᠬᠦ ᠲᠠᠯ᠎ᠠ ᠪᠠᠷ ᠬᠠᠷᠢᠭᠤᠴᠠᠯᠭ᠎ᠠ ᠶᠢᠨ ᠤᠬᠠᠮᠰᠠᠷ ᠢᠶᠠᠨ | ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠪᠤᠷᠢ ᠶᠢᠨ | ᠲᠣᠭᠲᠠᠴᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠢᠶᠠᠨ ᠶᠠᠪᠤᠳᠠᠯ ᠪᠣᠯᠭᠠᠨ | ᠪᠣᠳᠠᠲᠠᠢ ᠠᠳᠬᠤᠵᠤ᠂ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠶᠢ ︽ᠪᠠᠷᠢᠯᠭ᠎ᠠ ᠶᠢᠨ ᠠᠵᠢᠯ ᠢ | ᠪᠠᠷᠢᠯᠭ᠎ᠠ ᠳᠠᠭᠤᠰᠬᠠᠬᠤ ᠪᠣᠯᠭᠠᠬᠤ︾᠂ ︽ᠪᠠᠷᠢᠯᠭ᠎ᠠ ᠶᠢᠨ ᠭᠠᠵᠠᠷ ᠢ ᠦᠢᠯᠡᠳᠪᠦᠷᠢ ᠪᠣᠯᠭᠠᠬᠤ︾᠂ ︽ᠪᠠᠶᠢᠭᠤᠯᠵᠤ | ᠪᠠᠶᠢᠭ᠎ᠠ ᠶᠢ ᠦᠢᠯᠡᠳᠪᠦᠷᠢᠯᠡᠯ ᠤᠨ ᠦᠢᠯᠡᠰ ᠲᠤ ᠣᠷᠣᠭᠤᠯᠬᠤ︾ ᠳᠡᠭᠡᠷ᠎ᠡ ᠢᠯᠡᠷᠡᠭᠦᠯᠵᠡᠢ᠃ ᠭᠤᠣᠯᠳᠠᠯᠭ᠎ᠠ ᠲᠠᠢ | ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭ᠎ᠠ᠂ ᠪᠥᠬᠦ ᠬᠦᠴᠦᠨ ᠵᠦᠢᠯ᠂ ᠪᠥᠬᠦ ᠬᠡᠯᠬᠢᠶᠡᠰᠦ ᠶᠢᠨ | ᠨᠢᠭᠡᠳᠦᠯᠲᠡᠢ ᠲᠥᠯᠦᠪᠵᠢᠭᠦᠯᠭᠡ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠭᠤᠣᠯᠳᠠᠯᠭ᠎ᠠ ᠲᠠᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠬᠡᠪᠢᠰ ᠮᠠᠶ᠋ᠢᠭ︾ ᠤᠨ ᠪᠦᠲᠦᠭᠡᠨ ᠪᠠᠶᠢᠭᠤᠯᠤᠯᠲᠠ ᠠᠴᠠ ︽ | ᠭᠠᠵᠠᠷ ᠤᠨ ᠵᠢᠷᠤᠭ ᠤᠨ ᠮᠠᠶ᠋ᠢᠭ︾ ᠤᠨ ᠨᠠᠷᠢᠯᠢᠭ ᠣᠨᠣᠴᠠᠲᠠᠢ ᠪᠦᠲᠦᠭᠡᠨ ᠪᠠᠶᠢᠭᠤᠯᠤᠯᠲᠠ ᠳᠠᠰᠢ ᠬᠤᠪᠢᠷᠠᠭᠤᠯᠬᠤ ᠶᠢ | ᠤᠯᠠᠮ ᠨᠢᠭᠡ ᠠᠯᠬᠤᠮ ᠠᠬᠢᠭᠤᠯᠪᠠ᠃ ᠲᠦᠷᠦᠭᠦᠦ ᠭᠤᠷᠪᠠᠨ ᠤᠯᠠᠷᠢᠯ ᠳᠤ ᠬᠤᠲᠠ ᠶᠢᠨ ᠱᠠᠲᠤᠨ ᠤ | ᠲᠣᠬᠢᠷᠠᠭᠤᠯᠤᠯᠲᠠ ᠳᠤ ᠣᠷᠣᠭᠤᠯᠤᠭᠰᠠᠨ 71 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠵᠦᠢᠯᠡᠰ | ᠢ ᠨᠢᠭᠡᠨᠲᠡ 36 ᠪᠠᠷᠢᠵᠤ ᠳᠠᠭᠤᠰᠬᠠᠭᠠᠳ᠂ ᠪᠠᠷᠢᠵᠤ ᠳᠠᠭᠤᠰᠬᠠᠭᠰᠠᠨ ᠨᠣᠷᠮ᠎ᠠ ᠨᠢ 50.7% ᠳᠤ ᠬᠦᠷᠴᠡᠢ᠃ | 61 ᠠᠵᠤ ᠦᠢᠯᠡᠰ ᠤᠨ ᠲᠦᠷᠦᠯ ᠤᠨ ᠲᠦᠷᠦᠯ ᠵᠦᠢᠯ ᠤᠨ ᠪᠠᠷᠢᠯᠭ᠎ᠠ ᠶᠢ 33 ᠳᠠᠭᠤᠰᠬᠠᠵᠤ᠂ ᠪᠠᠷᠢᠯᠭ᠎ᠠ ᠶᠢ 54. | 1% ᠪᠠᠷ ᠳᠠᠭᠤᠰᠬᠠᠪᠠ᠃ ᠣᠲᠣ ᠪᠣᠯᠲᠠᠯ᠎ᠠ᠂ ᠳᠡᠭᠡᠳᠦ ᠬᠢᠵᠠᠭᠠᠷ ᠤᠨ ᠠᠵᠤ ᠠᠬᠤᠶᠢᠯᠠᠯ ᠨᠢᠭᠡᠨᠲᠡ 145 | ᠰᠢᠨ᠎ᠡ ᠪᠠᠷ ᠨᠡᠮᠡᠭᠳᠡᠵᠦ᠂ ᠡᠭᠦᠨ ᠳᠤ᠂ ᠭᠤᠷᠪᠠᠳᠤᠭᠠᠷ ᠤᠯᠠᠷᠢᠯ ᠳᠤ ᠳᠡᠭᠡᠳᠦ ᠬᠢᠵᠠᠭᠠᠷ ᠤᠨ ᠠᠵᠤ ᠠᠬᠤᠶᠢᠯᠠᠯ | ᠨᠡᠶᠢᠲᠡ 35 ᠪᠠᠶᠢᠵᠤ᠂ ᠲᠤᠭ᠎ᠠ ᠬᠡᠮᠵᠢᠶ᠎ᠡ ᠨᠢ ᠬᠤᠰᠢᠭᠤ ᠰᠢᠶᠠᠨ ᠣᠷᠣᠨ ᠤ ᠳᠣᠲᠣᠷ᠎ᠠ ᠬᠠᠮᠤᠭ ᠤᠨ ᠣᠯᠠᠨ ᠪᠠᠶᠢᠵᠤ | ᠂ ᠪᠥᠬᠦ ᠬᠤᠲᠠ ᠶᠢᠨ 23.5% ᠶᠢ ᠡᠵᠡᠯᠡᠪᠡ᠃ ᠣᠳᠣᠬᠠᠨ ᠳᠤ ᠪᠥᠬᠦ ᠣᠷᠣᠨ ᠤ ︽ᠳᠥᠷᠪᠡ ᠶᠢ ᠬᠥᠭᠵᠢᠭᠦᠯᠬᠦ︾ | ᠠᠵᠤ ᠠᠬᠤᠶᠢᠯᠠᠯ ᠨᠡᠶᠢᠲᠡ 529 ᠪᠣᠯᠵᠤ᠂ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠪᠥᠬᠦ ᠬᠤᠲᠠ ᠶᠢᠨ | 22.5% ᠶᠢ ᠡᠵᠡᠯᠡᠪᠡ᠃ | ᠳᠠᠷᠠᠭᠠᠴᠢ ᠶᠢᠨ ᠠᠯᠬᠤᠮ ᠳᠤ᠂ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠨᠢ ᠠᠵᠤ ᠠᠬᠤᠢ ᠶᠢᠨ | ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ | ᠲᠦᠷᠦᠯ ᠵᠦᠢᠯ ᠤᠨ ᠪᠡᠯᠡ ᠮᠥᠩᠭᠦ ᠣᠯᠬᠤ ᠲᠠᠢ ᠨᠢᠭᠲᠠ ᠣᠶᠠᠯᠳᠣᠭᠤᠯᠣᠨ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠡᠭᠡᠳᠦ ᠬᠢᠵᠠᠭᠠᠷ ᠢ ᠠᠬᠢᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠢ ᠬᠢᠨ᠎ᠡ᠃ ᠠᠵᠢᠯ ᠢᠶᠠᠨ ᠪᠥᠬᠦ ᠬᠤᠲᠠ ᠴᠢᠨᠠᠭᠰᠢᠯᠠᠪᠠᠯ ᠪᠥᠬᠦ ᠣᠷᠣᠨ᠂ ᠪᠥᠬᠦ | ᠤᠯᠤᠰ ᠤᠨ ᠬᠡᠪᠴᠢᠶᠡᠨ ᠳᠠᠬᠢ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠲᠠᠯᠪᠢᠵᠤ ᠬᠠᠷᠢᠴᠠᠭᠤᠯᠬᠤ ᠪᠠ ᠬᠡᠮᠵᠢᠵᠦ | ᠂ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠶᠢ ᠡᠷᠢᠨ ᠪᠠᠷᠢᠮᠵᠢᠶ᠎ᠠ ᠶᠢ ᠬᠠᠷᠭᠤᠭᠤᠯᠵᠤ᠂ ᠵᠣᠷᠢᠭᠲᠠᠢ ᠪᠠᠷ ᠰᠠᠶᠢᠨ ᠲᠠᠢ | ᠠᠳᠠᠯᠢᠳᠬᠠᠬᠤ᠂ ᠬᠦᠴᠦᠷᠬᠡᠭ ᠲᠠᠢ ᠤᠷᠤᠯᠳᠤᠬᠤ᠂ ᠠᠵᠢᠯ ᠨᠢᠭᠡᠪᠦᠷᠢ ᠶᠢ ᠬᠠᠮᠤᠭ ᠤᠨ ᠥᠨᠳᠥᠷ ᠲᠦᠪᠰᠢᠨ ᠳᠤ | ᠴᠢᠷᠮᠠᠶᠢᠨ ᠬᠢᠵᠦ᠂ ᠥᠨᠳᠥᠷ ᠪᠦᠲᠦᠮᠵᠢᠲᠡᠶ ᠪᠥᠭᠡᠳ ᠵᠢᠷᠤᠮᠵᠢᠭᠤᠨ᠂ ᠨᠠᠷᠢᠯᠢᠭ ᠪᠥᠭᠡᠳ ᠲᠡᠷᠢᠭᠦᠨ ᠲᠠᠰ ᠤᠨ | ᠪᠠᠶᠢᠬᠤ ᠶᠢ ᠪᠡᠶᠡᠯᠡᠭᠦᠯᠦᠨ᠂ ᠪᠣᠳᠠᠲᠤ ᠪᠦᠲᠦᠮᠵᠢ ᠪᠣᠳᠠᠲᠤ ᠦᠷ᠎ᠡ ᠪᠦᠲᠦᠮᠵᠢ ᠪᠠᠷ ᠢᠶᠠᠨ ᠲᠤᠰᠬᠠᠢ ᠰᠡᠳᠦᠪᠲᠦ | ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ 50 ᠬᠦᠴᠦᠷᠬᠡᠭ ᠲᠤ ᠣᠷᠣᠬᠤ ᠳᠤ ᠨᠠᠩ ᠶᠡᠭᠡ ᠬᠦᠴᠦᠨ ᠴᠢᠳᠠᠯ ᠢᠶᠠᠨ ᠨᠡᠮᠡᠷᠢᠯᠡᠨ᠎ᠡ᠃ |