ᠲᠢᠶᠠᠨ ᠾᠧ ᠰᠣᠷᠢᠨᠵᠢᠨ ᠮᠠᠲ᠋ᠧᠷᠢᠶᠠᠯ ᠪᠣᠭᠤᠮᠲᠠ ᠶᠢᠨ AEO ᠶᠢᠨ ᠭᠡᠷᠡᠴᠢᠯᠡᠯ ᠢ ᠣᠯᠪᠠ
ᠨᠡᠶᠢᠲᠡᠯᠡᠭᠰᠡᠨ ᠴᠠᠭ᠄
2024/11/20
    ᠣᠶᠢᠷ᠎ᠠ ᠳᠤ᠂ ᠪᠤᠭᠤᠲᠤ ᠪᠣᠭᠤᠮᠲᠠ ᠠᠴᠠ ᠪᠣᠭᠤᠳᠣ ᠶᠢᠨ ᠲᠢᠶᠠᠨ ᠡᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠪᠣᠭᠤᠮᠲᠠ ᠶᠢᠨ ᠳᠡᠭᠡᠳᠦ ᠲᠠᠰ ᠤᠨ ᠠᠵᠤ ᠠᠬᠤᠶᠢᠯᠠᠯ ᠤᠨ ᠭᠡᠷᠡᠴᠢᠯᠡᠯ ︵AEO︶ ᠤᠨ ᠦᠨᠡᠮᠯᠡᠯ ᠣᠯᠭᠤᠪᠠ᠂ ᠲᠣᠰ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠡᠨᠡ ᠬᠦ ᠭᠡᠷᠡᠴᠢᠯᠡᠯ ᠣᠯᠣᠭᠰᠠᠨ ᠬᠤᠪᠣᠷ ᠰᠢᠷᠣᠢ ᠶᠢᠨ ᠠᠵᠤ ᠠᠬᠤᠶᠢᠯᠠᠯ ᠪᠣᠯᠤᠭᠰᠠᠨ ᠪᠠᠶᠢᠨ᠎ᠠ᠃
    ᠪᠣᠭᠤᠮᠲᠠ ᠶᠢᠨ ᠳᠡᠭᠡᠳᠦ ᠵᠡᠷᠭᠡ ᠶᠢᠨ ᠠᠵᠤ ᠠᠬᠤᠶᠢᠯᠠᠯ ᠤᠨ ᠭᠡᠷᠡᠴᠢᠯᠡᠯ ᠪᠣᠯ ᠳᠤᠮᠳᠠᠳᠤ ᠤᠯᠤᠰ ᠤᠨ ᠪᠣᠭᠤᠮᠲᠠ ᠠᠴᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠬᠡᠷᠡᠭᠵᠢᠭᠦᠯᠬᠦ ᠨᠢᠭᠡ ᠵᠦᠢᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠪᠣᠯᠣᠨ᠎ᠠ᠂ ᠴᠢᠩᠭ᠎ᠠ ᠨᠢᠮᠪᠠᠢ ᠬᠢᠨᠠᠨ ᠬᠠᠷᠭᠤᠭᠤᠯᠬᠤ ᠵᠢᠷᠤᠮ ᠢᠶᠠᠷ ᠳᠠᠮᠵᠢᠭᠤᠯᠤᠨ᠂ ᠰᠠᠶᠢᠨ ᠰᠠᠶᠢᠬᠠᠨ ᠢᠲᠡᠭᠡᠮᠵᠢ ᠶᠢᠨ ᠲᠡᠮᠳᠡᠭᠯᠡᠯ ᠲᠠᠢ᠂ ᠬᠠᠮᠢᠶᠠᠷᠤᠯᠲᠠ ᠶᠢᠨ ᠳᠦᠷᠢᠮ ᠪᠠ ᠥᠨᠳᠥᠷ ᠪᠦᠲᠦᠮᠵᠢᠲᠡᠶ ᠡᠵᠡᠩᠨᠡᠯᠲᠡ ᠶᠢᠨ ᠴᠢᠳᠠᠪᠤᠷᠢ ᠲᠠᠢ ᠠᠵᠤ ᠠᠬᠤᠶᠢᠯᠠᠯ ᠢ ᠰᠣᠩᠭᠤᠨ ᠭᠠᠷᠭᠠᠵᠤ᠂ ᠨᠠᠩ ᠣᠯᠠᠨ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠬᠤ ᠶᠢᠨ ᠲᠥᠯᠥᠭᠡ ᠶᠤᠮ᠃ ᠭᠡᠷᠡᠴᠢᠯᠡᠯ ᠣᠯᠣᠭᠰᠠᠨ ᠤ ᠲᠠᠷᠠᠭ᠎ᠠ᠂ ᠠᠵᠤ ᠠᠬᠤᠶᠢᠯᠠᠯ ᠨᠢ ᠪᠣᠭᠤᠮᠲᠠ ᠶᠢᠨ ᠬᠠᠩᠭᠠᠭᠰᠠᠨ ᠪᠣᠭᠤᠮᠲᠠ ᠪᠠᠷ ᠥᠩᠭᠡᠷᠡᠬᠦ ᠶᠠᠪᠤᠴᠠ ᠶᠢ ᠳᠥᠭᠦᠮᠴᠢᠯᠡᠬᠦ᠂ ᠪᠠᠶᠢᠴᠠᠭᠠᠨ ᠰᠢᠯᠭᠠᠬᠤ ᠨᠤᠷᠮ᠎ᠠ ᠶᠢ ᠪᠠᠭᠤᠷᠠᠭᠤᠯᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠬᠦ ᠵᠡᠷᠭᠡ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠡᠳ᠋ᠯᠡᠵᠦ ᠪᠣᠯᠣᠨ᠎ᠠ᠃    ᠲᠢᠶᠠᠨ ᠾᠧ ᠰᠣᠷᠢᠨᠵᠢᠨ ᠮᠠᠲ᠋ᠧᠷᠢᠶᠠᠯ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠪᠠᠷ ᠴᠢᠷᠮᠠᠶᠢᠵᠤ ᠪᠠᠶᠢᠭ᠎ᠠ ᠨᠢᠭᠡᠨ ᠠᠵᠤ ᠠᠬᠤᠶᠢᠯᠠᠯ ᠪᠣᠯᠣᠨ᠎ᠠ᠂ ᠮᠡᠷᠭᠡᠵᠢᠯ ᠤᠨ ᠲᠦᠪᠰᠢᠨ ᠨᠢ ᠤᠯᠤᠰ ᠤᠨ ᠳᠣᠲᠣᠭᠠᠳᠤ ᠳᠤ ᠣᠷᠣᠶᠢᠯᠠᠵᠤ ᠪᠤᠢ᠃ ᠲᠣᠰ ᠤᠳᠠᠭ᠎ᠠ ᠪᠣᠭᠤᠮᠲᠠ ᠶᠢᠨ ᠳᠡᠭᠡᠳᠦ ᠲᠠᠰ ᠤᠨ ᠠᠵᠤ ᠠᠬᠤᠶᠢᠯᠠᠯ ᠤᠨ ᠭᠡᠷᠡᠴᠢᠯᠡᠯ ᠢ ᠣᠯᠣᠭᠰᠠᠨ ᠨᠢ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠬᠦ ᠳᠤ ᠲᠣᠰᠠᠯᠠᠮᠵᠢ ᠪᠣᠯᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号