ᠲᠤᠰᠬᠠᠢ ᠪᠤᠯᠤᠩ
ᠨᠡᠶᠢᠲᠡᠯᠡᠭᠰᠡᠨ ᠴᠠᠭ᠄
2024/11/25
     ᠨᠢᠭᠡ     ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠄ ᠪᠥᠬᠦ ᠠᠵᠢᠯᠲᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠳᠠᠯ ᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠢᠳᠪᠦᠷᠢᠯᠡᠭᠦ ᠰᠡᠳᠬᠢᠬᠦᠢ ᠪᠠᠷ ᠲᠦᠷᠦᠭᠦᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠡᠪᠦᠯ ᠤᠨ ᠤᠯᠠᠷᠢᠯ ᠤᠨ ᠬᠠᠮᠲᠤᠷᠠᠭᠰᠠᠨ ᠪᠠᠶᠢᠯᠳᠤᠭᠠᠨ︾ ᠢ ᠰᠠᠶᠢᠲᠤᠷ ᠬᠢᠨ᠎ᠡ     ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠰᠤᠷᠤᠯᠴᠠᠬᠤ᠂ ᠠᠰᠠᠭᠤᠳᠠᠯ ᠢ ᠡᠷᠢᠭᠦ᠂᠂ ᠴᠡᠭᠴᠡᠯᠡᠨ ᠰᠠᠶᠢᠵᠢᠷᠠᠭᠤᠯᠬᠤ᠂ ᠳ᠋ᠦᠩᠨᠡᠬᠦ᠂ ᠳᠡᠭᠡᠭᠰᠢᠯᠡᠭᠦᠯᠬᠦ ᠶᠢ ᠢᠮᠠᠭᠲᠠ ᠲᠤᠤᠱᠯᠠᠭᠤᠯᠵᠤ᠂ ︽ᠠᠷᠪᠠᠨ ᠲᠠᠯ᠎ᠠ ᠶᠢᠨ ᠢᠯᠡᠷᠡᠯ︾  ᠳᠤ ᠠᠩᠬᠠᠷᠤᠯ ᠢᠶᠠᠨ ᠲᠥᠪᠯᠡᠷᠡᠭᠦᠯᠵᠦ᠂ 30 ᠲᠣᠪᠣᠶᠢᠮ᠎ᠠ ᠠᠰᠠᠭᠤᠳᠠᠯ ᠢ ᠪᠠᠶᠢᠴᠠᠭᠠᠨ 30 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ 18 ᠠᠷᠠᠯᠵᠢᠶᠠᠴᠢᠨ ᠤᠷᠢᠬᠤ ᠳᠤᠭᠤᠶᠢᠯᠠᠩ ᠤᠨ ᠡᠭᠦᠷᠭᠡ ᠶᠢᠨ ᠨᠠᠷᠢᠨ ᠬᠠᠭᠤᠳᠠᠰᠤ ᠪᠣᠯᠣᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠲᠠᠢ ᠬᠠᠷᠢᠴᠠᠭᠤᠯᠵᠤ᠂ ᠣᠳᠣᠬᠠᠨ ᠤ ᠶᠠᠷᠢᠯᠴᠠᠬᠤ ᠲᠥᠷᠥᠯ ᠵᠦᠢᠯ ᠣᠯᠠᠨ᠂ ᠭᠡᠷ᠎ᠡ ᠲᠣᠭᠲᠠᠬᠤ ᠲᠥᠷᠥᠯ ᠵᠦᠢᠯ ᠴᠥᠭᠡᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠰᠢᠰᠲ᠋ᠧᠮ ᠲᠠᠢ ᠰᠤᠳᠤᠯᠵᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠨᠢᠭᠡᠳᠦᠯᠲᠡᠢ ᠲᠥᠯᠥᠪᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠡᠪᠦᠯ ᠤᠨ ᠤᠯᠠᠷᠢᠯ ᠤᠨ ᠬᠠᠮᠲᠤᠷᠠᠭᠰᠠᠨ ᠪᠠᠶᠢᠯᠳᠤᠭᠠᠨ︾ ᠤ ᠲᠥᠰᠥᠯ ᠢ ᠲᠣᠭᠲᠠᠭᠠᠵᠤ᠂ ᠰᠢᠢᠳᠪᠦᠷᠢᠯᠡᠬᠦ ᠰᠡᠳᠬᠢᠬᠦᠢ ᠪᠠᠷ ᠲᠦᠷᠦᠭᠦᠯᠡᠨ ︽ᠬᠠᠮᠲᠤᠷᠠᠭᠰᠠᠨ ᠪᠠᠶᠢᠯᠳᠤᠭᠠᠨ︾ ᠢ ᠰᠠᠶᠢᠲᠤᠷ ᠬᠢᠵᠦ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠵᠣᠷᠢᠭ ᠰᠠᠨᠠᠭ᠎ᠠ ᠶᠢ ᠬᠥᠭᠵᠢᠭᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃     ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠳᠤᠷᠢᠳᠬᠤ ᠪᠠᠭ ᠤᠨ ᠪᠦᠷᠢᠯᠳᠦᠭᠦᠨ ᠨᠠᠷ ︽ᠬᠤᠪᠢ ᠬᠥᠮᠥᠨ ᠤ ᠰᠤᠷᠤᠯᠴᠠᠯᠭ᠎ᠠ ᠶᠢᠨ ᠲᠥᠯᠦᠪᠵᠢᠭᠦᠯᠭᠡ︾ ᠶᠢ ᠲᠣᠭᠲᠠᠭᠠᠵᠤ᠂ ᠤᠯᠠᠷᠢᠯ ᠪᠦᠷᠢ ᠳᠤ ᠨᠢᠭᠡ ᠤᠳᠠᠭ᠎ᠠ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ ᠦᠷᠨᠢᠭᠦᠯᠦᠨ ᠠᠵᠢᠯ ᠤᠨ ᠰᠡᠳᠬᠢᠴᠡ ᠪᠠ ᠵᠣᠬᠢᠴᠠᠩᠭᠤᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠣᠬᠢᠷᠠᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠶᠢᠵᠢᠭᠰᠠᠨ ᠬᠤᠳᠠᠯᠳᠤᠭᠠᠴᠢᠨ ᠤᠷᠢᠬᠤ ᠡᠩᠨᠡᠭᠡ ᠶᠢ ᠪᠠᠶᠢᠭᠤᠯᠪᠠ᠃ ᠪᠥᠬᠦ ᠠᠵᠢᠯᠲᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠳᠠᠯ ᠢ ᠲᠣᠬᠢᠷᠠᠭᠤᠯᠤᠨ ᠰᠢᠯᠢᠳᠡᠭᠵᠢᠭᠦᠯᠵᠦ᠂ ᠡᠨᠡ ᠵᠢᠯ ᠤᠨ ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ ᠢᠷᠡᠬᠦ ᠵᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠡᠬᠢᠨ ᠤ ᠬᠤᠭᠤᠴᠠᠭᠠᠨ ᠳᠤ ᠬᠦᠴᠦᠨ ᠢᠶᠠᠨ ᠬᠤᠷᠠᠮᠳᠤᠭᠤᠯᠵᠤ  ᠦᠭᠪᠠ᠃     ᠬᠤᠶᠠᠷ     ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠄ ᠵᠠᠩᠭᠢᠯᠠᠭ᠎ᠠ ᠶᠢᠨ ᠭᠤᠭᠴᠤᠭ᠎ᠠ   ᠠᠴᠠ ᠭᠠᠷᠳᠠᠵᠤ ᠭᠤᠣᠯᠳᠠᠯᠭ᠎ᠠ ᠲᠠᠢ ᠬᠡᠰᠡᠭ ᠲᠤ ᠬᠦᠴᠦᠯᠡᠵᠦ ᠪᠠᠶᠢᠭᠠᠳ ᠰᠢᠢᠳᠪᠦᠷᠢᠯᠡᠭᠦ ᠰᠡᠳᠬᠢᠬᠦᠢ ᠪᠠᠷ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠬᠢᠨ ᠰᠢᠢᠳᠪᠦᠷᠢᠯᠡᠬᠦ ᠰᠡᠳᠬᠢᠬᠦᠢ ᠶᠢ ᠪᠠᠷᠢᠮᠲᠠᠯᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠦᠢᠯᠡᠳᠪᠦᠷᠢ ᠶᠢᠨ ᠬᠦᠷᠢᠶᠡᠯᠡᠩ ᠣᠷᠣᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠲᠥᠯᠦᠪᠵᠢᠭᠦᠯᠭᠡ᠂ ᠵᠡᠰ ᠬᠥᠩᠭᠡᠨ ᠴᠠᠭᠠᠨ ᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠵᠡᠷᠭᠡ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠳᠤ ᠴᠢᠭᠯᠡᠭᠦᠯᠦᠨ᠂ ᠠᠷᠭᠠᠴᠠᠬᠤ ᠪᠣᠳᠣᠯᠭ᠎ᠠ ᠰᠦᠪᠡᠭᠴᠢᠯᠡᠵᠦ᠂ ᠬᠥᠭᠵᠢᠯᠲᠡ ᠶᠢ ᠡᠷᠢᠯᠬᠢᠯᠡᠪᠡ᠃ ᠱᠤᠸᠠᠩ ᠯᠢᠶᠠᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠱᠦᠨ᠂  ᠲᠠᠢ ᠱᠧᠩ᠂ ᠶᠢᠨ ᠬᠠᠢ ᠰᠢᠨ᠎ᠡ ᠡᠨᠧᠷᠭᠢ ᠶᠢᠨ ᠰᠤᠷᠪᠤᠯᠵᠢ ᠶᠢᠨ ᠵᠠᠬᠢᠶᠠᠯᠠᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠳᠤ ᠵᠠᠬ᠎ᠠ ᠳᠡᠯᠭᠡᠭᠦᠷ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ ᠦᠪᠠ᠃     ︽ᠠᠵᠤ ᠦᠢᠯᠡᠳᠪᠦᠷᠢ ᠶᠢᠨ ᠬᠦᠷᠢᠶ᠎ᠡ ᠶᠢ ᠳᠡᠭᠡᠭᠰᠢᠯᠡᠭᠦᠯᠬᠦ ᠰᠤᠷᠤᠯᠴᠠᠯᠭ᠎ᠠ ᠶᠢᠨ ᠲᠥᠯᠥᠪᠯᠡᠭᠡ︾᠂ ︽ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠳᠪᠦᠷᠢ ᠶᠢᠨ ᠪᠠᠶᠢᠳᠠᠯ ᠤᠨ ᠡᠮᠬᠢᠳᠬᠡᠯ︾ ᠢ ᠲᠣᠭᠳᠠᠭᠠᠨ᠂ ᠰᠢᠢᠳᠪᠦᠷᠢᠯᠡᠭᠦ ᠰᠡᠳᠬᠢᠬᠦᠢ ᠶᠢ ᠪᠠᠲᠤᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠠᠴᠠ ᠭᠠᠷᠳᠠᠨ ᠭᠤᠣᠯᠳᠠᠯᠭ᠎ᠠ ᠲᠠᠢ ᠣᠷᠣᠨ ᠪᠠᠶᠢᠷᠢ ᠳᠤ ᠬᠦᠴᠦᠯᠡᠵᠦ᠂ ᠦᠢᠯᠡᠳᠦᠯᠭᠡ ᠶᠢᠨ ᠪᠣᠯᠪᠠᠰᠤᠷᠠᠯ ᠤᠨ︽ᠨᠠᠷᠢᠯᠢᠭ ᠪᠣᠳᠣᠯᠲᠠ︾ ᠳᠤᠮᠳᠠ ︽ᠡᠴᠦᠰ ᠤᠨ ᠲᠠᠶᠢᠯᠪᠤᠷᠢ︾ ᠶᠢ ᠣᠯᠵᠣ ᠪᠠᠶᠢᠨ᠎ᠠ᠃    ᠭᠤᠷᠪᠠ     ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠳᠠ ᠶᠢ ᠠᠬᠢᠭᠤᠯᠵᠣ ᠪᠠᠶᠢᠨ᠎ᠠ      ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ︽ᠠᠷᠪᠠᠨ ᠲᠠᠯ᠎ᠠ ᠶᠢᠨ ᠢᠯᠡᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ 36 ᠲᠣᠪᠣᠶᠢᠮ᠎ᠠ ᠠᠰᠠᠭᠤᠳᠠᠯ ᠢ ᠪᠠᠶᠢᠴᠠᠭᠠᠨ ᠳᠡᠯᠭᠡᠵᠦ᠂ 39 ᠵᠤᠷᠪᠤᠰ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ︽2024 ᠣᠨ ᠤ ᠵᠢᠯ ᠤᠨ ᠡᠴᠦᠰ ᠠᠴᠠ ᠡᠮᠦᠨᠡᠬᠢ ᠡᠭᠦᠷᠭᠡ ᠶᠢᠨ ᠨᠠᠷᠢᠨ ᠲᠠᠩᠰᠠ︾ ︽2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠪᠣᠶ ᠪᠣᠯᠭᠠᠵᠤ᠂ ᠺᠠᠳ᠋ᠷ ᠠᠵᠢᠯᠲᠠᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠤᠨ᠂ ᠠᠵᠢᠯ ᠤᠨ ᠦᠷ᠎ᠡ ᠪᠦᠲᠦᠮᠵᠢ ᠪᠠ ᠠᠵᠢᠯ ᠤᠨ ᠪᠠᠷᠢᠮᠵᠢᠶ᠎ᠠ ᠶᠢ ᠢᠯᠡᠳᠲᠡ ᠳᠡᠭᠡᠭᠰᠢᠯᠡᠭᠦᠯᠵᠦ᠂ ᠪᠥᠬᠦ ᠵᠢᠯ ᠤᠨ ᠠᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠪᠣᠳᠠᠲᠠᠢ ᠦᠷ᠎ᠡ ᠪᠦᠲᠦᠮᠵᠢ ᠶᠢ ᠴᠠᠭ ᠲᠤᠬᠠᠢ  ᠳᠤᠨᠢ ᠡᠭᠦᠷᠭᠡᠯᠡᠨ ᠠᠵᠢᠯᠯᠠᠬᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号