1-10 ᠰᠠᠷ᠎ᠠ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠲᠣᠮᠳᠠ ᠣᠷᠣᠭᠰᠢᠯᠠᠨ ᠲᠣᠭᠳᠠᠭᠤᠨ ᠲᠣᠮᠳᠠ ᠳᠡᠭᠡᠭᠰᠢᠯᠡᠪᠡ
ᠨᠡᠶᠢᠲᠡᠯᠡᠭᠰᠡᠨ ᠴᠠᠭ᠄
2024/11/25
      10 ᠳ᠋ᠤᠭᠠᠷ ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠵᠣᠬᠢᠴᠠᠯᠳᠤᠭᠤᠯᠤᠨ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠣᠨ ᠠᠵᠤ ᠠᠬᠤᠢ ᠶᠢᠨ ᠠᠵᠢᠯᠯᠠᠭᠠᠨ ᠢ ᠶᠡᠷᠦᠩᠬᠡᠢ ᠳᠤᠨᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠪᠡ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1-10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠴᠥᠮ ᠨᠡᠮᠡᠭᠳᠡᠯ ᠢᠶᠠᠨ ᠪᠠᠲᠤᠯᠠᠪᠠ᠃
   ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ     ᠦᠢᠯᠡᠳᠬᠦᠨ ᠤ ᠦᠷᠳᠡᠭ
    1-10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ 4.9 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 28.7% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ 12.8 ᠵᠠᠭᠤᠨ ᠤ ᠨᠢᠭᠡᠴᠢ ᠨᠡᠮᠡᠭᠳᠡᠭᠦᠯᠵᠦ᠂ ᠪᠥᠬᠦ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 43.6% ᠶᠢ ᠡᠵᠡᠯᠡᠪᠡ︔ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 45.3% ᠨᠡᠮᠡᠭᠳᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 26 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 16.6% ᠶᠢ ᠡᠵᠡᠯᠡᠪᠡ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠨ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 2.6 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠲᠣᠭᠲᠠᠭᠠᠯ ᠳᠠᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 67.9% ᠶᠢ ᠡᠵᠡᠯᠡᠪᠡ᠃     ᠲᠣᠭᠲᠠᠮᠠᠯ ᠬᠥᠷᠥᠩᠭᠡ   ᠶᠢᠨ ᠪᠡᠯᠡ ᠣᠷᠣᠭᠤᠯᠤᠯᠲᠠ ᠲᠣᠭᠲᠠᠭᠤᠨ ᠲᠣᠮᠳᠠ ᠬᠤᠷᠳᠣᠰᠪᠠ     ᠪᠡᠯᠡ ᠣᠷᠣᠭᠤᠯᠤᠯᠲᠠ
     1- 10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.4% ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 8.1 ᠵᠠᠭᠤᠨ ᠤ ᠨᠢᠭᠡᠴᠢ ᠲᠦᠷᠭᠡᠨ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 9.5 ᠵᠠᠭᠤᠨ ᠤ ᠨᠢᠭᠡᠴᠢ ᠥᠨᠳᠥᠷ ᠪᠣᠯᠪᠠ᠃ ᠡᠨᠡ ᠵᠢᠯ ᠠᠴᠠ ᠨᠠᠰᠢ᠂ 12.6 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠸᠧ ᠯᠦᠩ ᠪᠤᠭᠤᠲᠤ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ 4 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠬᠤᠸᠠ ᠬᠤᠩ ᠵᠢᠯ ᠳᠤ 1 ᠲᠦᠮᠡᠨ ᠲᠣᠨ ᠥᠨᠳᠥᠷ ᠴᠢᠳᠠᠪᠬᠢ ᠲᠠᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠤᠨ ᠦᠢᠯᠡᠳᠪᠦᠷᠢᠯᠡᠯ ᠤᠨ ᠲᠥᠷᠥᠯ ᠵᠦᠢᠯ ᠵᠢᠴᠢ 5 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠢ ᠯᠢ ᠵᠢᠯ ᠳᠤ 40 ᠲᠦᠮᠡᠨ ᠲᠣᠨ ᠥᠨᠳᠥᠷ ᠴᠢᠳᠠᠪᠬᠢ ᠲᠠᠢ ᠴᠠᠬᠢᠯᠭᠠᠨ ᠲᠧᠭᠨᠢᠭ ᠤᠨ ᠪᠣᠯᠣᠳ ᠦᠢᠯᠡᠳᠪᠦᠷᠢᠯᠡᠬᠦ ᠲᠥᠷᠥᠯ ᠵᠦᠢᠯ ᠵᠡᠷᠭᠡ ᠶᠢ ᠪᠠᠷᠢᠯᠭ᠎ᠠ ᠡᠬᠢᠯᠡᠭᠦᠯᠬᠦ ᠶᠢ ᠳᠠᠭᠠᠯᠳᠤᠨ᠂ 1-10 ᠰᠠᠷ᠎ᠠ ᠳᠤ᠂ 114 ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 30.9% ᠪᠡᠶᠡᠯᠡᠭᠦᠯᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 4.5 ᠵᠠᠭᠤᠨ ᠤ ᠨᠢᠭᠡᠴᠢ ᠥᠨᠳᠥᠷ ᠪᠣᠯᠣᠨ ᠪᠥᠬᠦ ᠪᠡᠯᠡ ᠣᠷᠣᠭᠤᠯᠤᠯᠲᠠ ᠶᠢᠨ 79.6% ᠶᠢ ᠡᠵᠡᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 23.8 ᠵᠠᠭᠤᠨ ᠤ ᠨᠢᠭᠡᠴᠢ ᠳᠠᠶᠢᠴᠢᠯᠠᠪᠠ᠃      ᠨᠡᠶᠢᠭᠡᠮ ᠤᠨ ᠬᠡᠷᠡᠭᠯᠡᠭᠡ ᠲᠣᠭᠲᠠᠭᠤᠨ ᠢᠶᠠᠷ ᠳᠡᠭᠡᠭᠰᠢᠯᠡᠪᠡ      ᠬᠡᠷᠡᠭᠯᠡᠭᠡ
     1-10 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 70.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.9% ᠪᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 0.3 ᠵᠠᠭᠤᠨ ᠤ ᠨᠢᠭᠡᠴᠢ ᠲᠦᠷᠭᠡᠨ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 0.7 ᠵᠠᠭᠤᠨ ᠤ ᠨᠢᠭᠡᠴᠢ ᠥᠨᠳᠥᠷ ᠪᠣᠯᠪᠠ᠃ ᠤᠯᠤᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠵᠢᠴᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠠᠬᠢᠭᠤᠯᠤᠯ ᠢᠶᠠᠷ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠬᠤ ᠶᠢ ᠳᠠᠶᠢᠴᠢᠯᠠᠬᠤ ᠦᠢᠯᠡᠳᠦᠯ ᠤᠯᠠᠮ ᠨᠢᠭᠡ ᠠᠯᠬᠤᠮ ᠢᠯᠡᠷᠡᠵᠦ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 41.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ  ᠬᠢ ᠠᠴᠠ 2.7 ᠵᠠᠭᠤᠨ ᠤ ᠨᠢᠭᠡᠴᠢ ᠲᠦᠷᠭᠡᠳᠴᠦ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 93.8% ᠶᠢ ᠡᠵᠡᠯᠡᠵᠦ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 15 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号