ᠦᠨᠦ ᠵᠢᠯ ᠤᠨ 1 ᠠᠴᠠ 9 ᠳ᠋ᠦ᠋ᠭᠡᠷ ᠰᠠᠷ᠎ᠠ ᠪᠣᠯᠲᠠᠯ᠎ᠠ᠂ ᠬᠤᠪᠣᠷ ᠰᠢᠷᠤᠢ ᠶᠢᠨ ᠳᠡᠭᠡᠳᠦ ᠰᠢᠨ᠎ᠡ | ᠮᠡᠷᠭᠡᠵᠢᠯ ᠤᠨ ᠤᠷᠣᠠ ᠤ ᠰᠢᠨ᠎ᠡ ᠪᠠᠷ ᠨᠡᠮᠡᠭᠳᠡᠭᠰᠡᠨ ᠲᠤᠰᠬᠠᠶ ᠠᠰᠢᠭ ᠨᠢ 879 ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠪᠤᠭᠤᠲᠤ ᠬᠤᠲᠠ ᠶᠢᠨ 26.3% ᠶᠢ ᠡᠵᠡᠯᠡᠪᠡ᠃ | ᠡᠭᠦᠨ ᠳᠤ ᠡᠭᠦᠳᠦᠯᠲᠡ ᠶᠢᠨ ᠲᠤᠰᠬᠠᠶ ᠠᠰᠢᠭ 287 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 93. | 9% ᠪᠠᠷ ᠨᠡᠮᠡᠭᠳᠡᠪᠡ︔ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ 569 ᠬᠤᠪᠢ᠂ ᠭᠠᠳᠠᠷ | ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ ᠠᠰᠢᠭ 23 ᠬᠤᠪᠢ ᠪᠣᠶ᠃ ᠡᠭᠦᠳᠦᠯᠲᠡ ᠶᠢᠨ ᠲᠤᠰᠬᠠᠶ ᠠᠰᠢᠭ᠂ | ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ᠂ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ | ᠠᠰᠢᠭ ᠵᠡᠷᠭᠡ ᠭᠤᠷᠪᠠᠨ ᠵᠦᠢᠯ ᠤᠨ ᠭᠦᠢᠴᠡᠳᠬᠡᠬᠦ ᠲᠤᠭ᠎ᠠ ᠶᠢᠨ ᠳᠣᠲᠣᠷ᠎ᠠ᠂ ᠬᠤᠪᠣᠷ ᠰᠢᠷᠣᠶ ᠳᠤ ᠬᠤᠯᠪᠣᠭᠳᠠᠭᠰᠠᠨ | ᠲᠤᠰᠬᠠᠶ ᠠᠰᠢᠭ 158 ᠪᠠᠶᠢᠵᠤ᠂ ᠪᠦᠬᠦ ᠵᠢᠯ ᠤᠨ ᠡᠭᠦᠷᠭᠡ ᠪᠠᠨ 105.3% ᠪᠠᠷ ᠪᠡᠶᠡᠯᠡᠭᠦᠯᠪᠡ᠃ | | ᠮᠡᠳᠡᠯᠭᠡ ᠶᠢᠨ ᠥᠮᠴᠢᠯᠡᠯ ᠤᠨ ᠡᠷᠬᠡ ᠨᠢ ᠨᠢᠭᠡ ᠲᠠᠯ᠎ᠠ ᠪᠠᠷ ᠰᠢᠨ᠎ᠡ ᠶᠢ ᠡᠭᠦᠳᠬᠦ ᠶᠢ ᠬᠤᠯᠪᠣᠵᠤ ᠂ ᠨᠢᠭᠡ | ᠲᠠᠯ᠎ᠠ ᠪᠠᠷ ᠵᠠᠬ᠎ᠠ ᠳᠡᠯᠭᠡᠭᠦᠷ ᠢ ᠬᠤᠯᠪᠣᠵᠤ ᠪᠠᠶᠢᠨ᠎ᠠ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠡᠬᠢ | ᠬᠥᠳᠡᠯᠭᠡᠬᠦ ᠬᠦᠴᠦᠨ ᠮᠥᠨ᠂ ᠪᠠᠰᠠ ᠴᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠴᠢᠬᠤᠯᠠ ᠬᠥᠭᠦᠷᠭᠡ ᠪᠠ ᠬᠤᠯᠪᠣᠭᠠᠰᠤ ᠮᠥᠨ᠃ | ᠣᠶᠢᠷ᠎ᠠ ᠶᠢᠨ ᠵᠢᠯ ᠤᠳ ᠲᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤᠯᠤᠰ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠤᠷᠢᠳᠠᠪᠠᠷ ᠡᠭᠦᠳᠦᠨ ᠪᠠᠶᠢᠭᠤᠯᠬᠤ ᠪᠠᠷ | ᠵᠢᠯᠣᠭᠤᠳᠤᠮᠵᠢ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ | ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ᠂ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠪᠦᠬᠦ ᠬᠤᠲᠠ ᠶᠢᠨ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ | ᠡᠬᠢᠯᠡᠭᠰᠡᠨ ᠠᠴᠠ ᠨᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠭᠦᠢᠴᠡᠳᠬᠡᠯ ᠲᠤᠭ᠎ᠠ ᠳᠤ ᠶᠠᠰᠤ ᠴᠢᠨᠠᠷ ᠵᠡᠷᠭᠡ ᠪᠠᠷ | ᠳᠡᠭᠡᠭᠰᠢᠯᠡᠬᠦ ᠪᠠᠶᠢᠳᠠᠯ ᠢᠯᠡᠷᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠶᠠᠭ ᠲᠤᠭ᠎ᠠ | ᠬᠡᠮᠵᠢᠶ᠎ᠡ ᠶᠢ ᠬᠥᠭᠡᠭᠡᠴᠡᠯᠳᠦᠵᠦ ᠪᠠᠶᠢᠭᠰᠠᠨ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠡᠶᠢᠰᠢ ᠬᠤᠪᠢᠷᠠᠵᠤ ᠪᠠᠶᠢᠨ᠎ᠠ᠃ | 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠦᠴᠦᠨ ᠪᠦᠬᠦᠢ ᠲᠤᠰᠬᠠᠶ ᠠᠰᠢᠭ 6788 ᠬᠤᠪᠢ ᠪᠠᠶᠢᠵᠤ᠂ ᠪᠤᠭᠤᠲᠤ ᠬᠤᠲᠠ ᠶᠢᠨ 32.2% ᠢ ᠡᠵᠡᠯᠡᠵᠦ᠂ | ᠥᠪᠡᠷᠲᠡᠭᠡᠨ ᠵᠠᠰᠠᠬᠤ ᠣᠷᠣᠨ ᠤ 6.2% ᠢ ᠡᠵᠡᠯᠡᠵᠦ᠂ ᠪᠤᠭᠤᠲᠤ ᠬᠤᠲᠠ ᠶᠢᠨ ᠨᠢᠭᠡᠳᠦᠭᠡᠷ ᠲᠤ ᠣᠷᠣᠪᠠ᠃ | |