ᠤᠯᠠᠨ ᠪᠤᠯᠠᠭ ᠪᠠᠯᠭᠠᠰᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠨᠢᠩᠭᠦᠶ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠲᠣᠰᠬᠤᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠲᠣᠰᠬᠤᠨ ᠤ ᠰᠠᠭᠤᠭᠠᠯᠢ ᠠᠷᠠᠳ ᠤᠨ ᠡᠷᠡᠭᠦᠯ | ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ 11 ᠰᠠᠷ᠎ᠠ ᠶᠢᠨ 1 ᠤ ᠡᠳᠦᠷ᠂ | ᠤᠯᠠᠨ ᠪᠤᠯᠠᠭ ᠪᠠᠯᠭᠠᠰᠤᠨ ᠤ 2024 ᠣᠨ ᠤ ᠪᠥᠬᠦ ᠠᠷᠠᠳ ᠤᠨ ᠰᠣᠨᠢᠷᠬᠠᠯᠲᠤ ᠲᠠᠮᠢᠷ ᠤᠨ ᠴᠤᠭᠯᠠᠭᠠᠨ ᠢ | ᠪᠠᠯᠭᠠᠰᠤᠨ ᠤ ᠵᠠᠰᠠᠭ ᠤᠨ ᠣᠷᠳᠣᠨ ᠤ ᠬᠦᠷᠢᠶᠡᠨ ᠳᠤ ᠠᠮᠵᠢᠯᠲᠠ ᠲᠠᠢ ᠡᠷᠬᠢᠯᠡᠪᠡ᠃ | ᠲᠣᠰ ᠬᠤᠭᠤᠴᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠠᠶᠠᠷ ᠬᠥᠷ ᠲᠠᠢ ᠨᠢᠰᠬᠦ | ᠲᠠᠪᠠᠭ᠂ ᠰᠤᠷ ᠬᠠᠷᠪᠤᠬᠤ᠂ ᠳᠡᠭᠡᠰᠦ ᠲᠠᠲᠠᠬᠤ᠂ ᠮᠤᠭᠠᠢ ᠢᠳᠡᠬᠦ ᠵᠡᠷᠭᠡ ᠪᠦᠷᠢᠨ ᠲᠡᠭᠦᠯᠳᠡᠷ ᠤᠷᠤᠯᠳᠤᠭᠠᠨ ᠤ | ᠲᠥᠷᠥᠯ ᠵᠦᠢᠯ ᠢ ᠲᠣᠬᠢᠷᠠᠭᠤᠯᠵᠤ᠂ ᠨᠡᠶᠢᠲᠡ 8 ᠲᠥᠯᠥᠭᠡᠯᠡᠭᠴᠢᠳ ᠤᠨ ᠠᠩᠭᠢ ᠶᠢᠨ 150 ᠭᠠᠷᠤᠶ ᠲᠠᠮᠢᠷᠴᠢᠨ | ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠴᠤᠭ ᠵᠢᠪᠬᠤᠭ᠎ᠠ ᠪᠠᠳᠠᠷᠠᠩᠭᠤᠶ᠂ | ᠤᠷᠤᠯᠳᠤᠭᠠᠨ ᠤ ᠳᠤᠮᠳᠠ ᠴᠠᠭ ᠮᠥᠴᠡ ᠶᠢ ᠵᠠᠪᠳᠤᠵᠤ᠂ ᠡᠷᠡᠯᠬᠡᠭᠯᠡᠨ ᠲᠡᠮᠡᠴᠡᠵᠦ᠂ ᠬᠥᠮᠦᠨ ᠨᠢᠭᠡᠪᠦᠷᠢ ᠶᠢᠨ | ᠴᠢᠷᠠᠶ ᠳᠤ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠪᠢᠯᠬᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ | ᠪᠢᠯᠬᠠᠨ᠎ᠠ᠃ | ᠤᠢᠢᠷ᠎ᠠ ᠶᠢᠨ ᠵᠢᠯ ᠠᠴᠠ᠂ ᠤᠯᠠᠨ ᠪᠤᠯᠠᠭ ᠪᠠᠯᠭᠠᠰᠤ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠠᠶᠠᠯᠢᠭ ᠰᠠᠶᠢᠬᠠᠨ | ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃ | ᠲᠣᠰ ᠤᠳᠠᠭᠠᠨ ᠤ ᠪᠥᠬᠦ ᠠᠷᠠᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠬᠢᠯᠡᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠢ ᠡᠳ᠋ᠯᠡᠬᠦ᠂ ᠡᠷᠡᠭᠦᠯ ᠮᠡᠨᠳᠦ ᠶᠢ ᠡᠳ᠋ᠯᠡᠬᠦ᠂ | ᠵᠤᠭ᠎ᠠ ᠴᠡᠩᠭᠡᠯ ᠢ ᠡᠳ᠋ᠯᠡᠬᠦ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠲᠤᠰᠬᠠᠵᠤ᠂ ᠪᠥᠬᠦ ᠪᠠᠯᠭᠠᠰᠤᠨ ᠤ | ᠬᠡᠪᠴᠢᠶᠡᠨ ᠳᠤ ︽ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠᠷ ᠬᠠᠮᠲᠤ ᠪᠠᠷ ᠣᠷᠣᠯᠴᠠᠵᠤ᠂ ᠡᠷᠡᠭᠦᠯ | ᠴᠢᠭᠢᠷᠠᠭ ᠪᠠᠶᠠᠷ ᠬᠥᠷ ᠲᠠᠢ ᠴᠠᠭ ᠮᠥᠴᠡ ᠶᠢ ᠬᠠᠮᠲᠤ ᠪᠠᠷ ᠡᠳ᠋ᠯᠡᠬᠦ︾ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠤᠨ | ᠠᠭᠤᠷ ᠠᠮᠢᠰᠬᠤᠯ ᠢ ᠪᠣᠶ ᠪᠣᠯᠭᠠᠪᠠ᠃ |