ᠬᠠᠬᠢᠷ ᠬᠦᠢᠲᠡᠨ ᠢ ᠲᠡᠮᠡᠴᠡᠨ ᠠᠬᠢᠴᠠ ᠶᠢ ᠵᠠᠪᠳᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ︽ᠡᠪᠦᠯ ᠤᠨ ᠤᠯᠠᠷᠢᠯ ᠤᠨ ᠰᠢᠪᠳᠣᠯᠣᠯᠳᠠ︾ ᠶᠢ  ᠡᠬᠢᠯᠡᠭᠦᠯᠪᠠ
ᠨᠡᠶᠢᠲᠡᠯᠡᠭᠰᠡᠨ ᠴᠠᠭ᠄
2024/12/17
      12 ᠰᠠᠷ᠎ᠠ ᠶᠢᠨ 12  ᠤᠨ ᠡᠳᠦᠷ᠂ ᠠᠭᠤᠷ ᠠᠮᠢᠰᠬᠤᠯ ᠬᠠᠬᠢᠷ ᠬᠦᠢᠲᠡᠨ᠂ ᠭᠡᠪᠡᠴᠦ ᠪᠤᠭᠤᠲᠤ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠪᠠᠶᠢᠯ᠎ᠠ᠃ ᠶᠡᠷᠦᠩᠬᠡᠢ ᠪᠡᠯᠡ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ᠂ 200 ᠮᠦ ᠭᠠᠵᠠᠷ ᠡᠵᠡᠯᠡᠭᠰᠡᠨ ᠰᠢᠶᠠᠮᠧᠨ ᠤ ᠸᠣᠯᠹᠷᠠᠮ ᠤᠨ ᠦᠢᠯᠡᠰ ᠤᠨ ᠵᠢᠯ ᠳᠤ 20000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠮᠠᠰᠢᠨ ᠲᠡᠷᠭᠡᠨ ᠤ ᠲᠠᠭᠤᠨ᠂ ᠮᠠᠰᠢᠨ ᠮᠧᠬᠠᠨᠢᠭ ᠤᠨ ᠳᠠᠭᠤᠨ ᠲᠠᠰᠤᠷᠠᠯᠲᠠ ᠦᠭᠡᠢ ᠰᠣᠨᠣᠰᠳᠠᠨ᠎ᠠ᠃ 10 ᠭᠠᠷᠤᠢ ᠡᠷᠭᠦᠭᠦᠷ ᠲᠡᠷᠭᠡ ᠬᠦᠨᠳᠦ ᠭᠠᠷ ᠢᠶᠠᠨ ᠬᠤᠷᠤᠶᠢᠯᠵᠠᠭᠤᠯᠵᠤ᠂ 100 ᠭᠠᠷᠤᠢ ᠠᠵᠢᠯᠴᠢᠨ ᠶᠠᠭᠠᠷᠠᠯᠲᠠᠢ ᠠᠵᠢᠯᠵᠠᠭᠠᠬᠤ ᠳᠤ ᠠᠮᠤᠷ ᠲᠦᠪᠰᠢᠨ ᠤ ᠮᠠᠯᠠᠭᠠᠢ ᠬᠦᠮᠦᠰ ᠤᠨ ᠠᠩᠬᠠᠷᠣᠯ ᠢ ᠣᠨᠴᠨ ᠲᠠᠳᠠᠨ᠎ᠠ᠃
   ᠲᠥᠷᠥᠯ ᠵᠦᠢᠯ ᠤᠨ ᠬᠠᠷᠢᠭᠤᠴᠠᠯᠭᠠᠲᠠᠨ ᠴᠢᠦ ᠸᠧᠨ ᠷᠦᠩ ᠤᠨ ᠲᠠᠨᠢᠯᠴᠠᠭᠤᠯᠤᠭᠰᠠᠨ ᠢᠶᠠᠷ᠂ ᠵᠢᠯ ᠳᠤ 5000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ 9 ᠰᠠᠷ᠎ᠠ ᠶᠢᠨ ᠳᠤᠮᠳᠠᠴᠢ ᠪᠠᠷ ᠡᠬᠢᠯᠡᠨ ᠪᠠᠶᠢᠭᠤᠯᠵᠤ᠂ ᠵᠢᠱᠢᠯᠲᠡ ᠪᠠᠷ 2025 ᠣᠨ ᠤ 6 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠤᠨ᠎ᠠ᠃ ᠣᠳᠣᠬᠠᠨ ᠳᠤ᠂ ᠲᠥᠷᠥᠯ ᠵᠦᠢᠯ ᠤᠨ ᠭᠤᠣᠯ ᠴᠣᠭᠴᠠᠲᠤ ᠢᠨᠵᠧᠨᠧᠷᠢᠩ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ ᠢᠨᠵᠧᠨᠧᠷᠢᠩ ᠤᠨ ᠪᠦᠬᠦᠯᠢ ᠴᠣᠭᠴᠠ ᠶᠢᠨ ᠠᠬᠢᠴᠠ ᠶᠢᠨ 60% ᠶᠢ ᠨᠢᠭᠡᠨᠲᠡ ᠪᠡᠶᠡᠯᠡᠭᠦᠯᠪᠡ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︿ᠡᠷᠲᠡ ᠬᠢᠵᠦ ᠳᠡᠶᠢᠯᠪᠡᠯ ᠡᠷᠲᠡ ᠬᠢᠭᠦ﹀ ᠶᠢᠨ ᠵᠠᠷᠴᠢᠮ ᠢ ᠪᠠᠷᠢᠮᠲᠠᠯᠠᠵᠤ᠂ ᠲᠥᠷᠥᠯ ᠵᠦᠢᠯ ᠤᠨ ᠬᠡᠯᠲᠡᠰ ᠬᠠᠬᠢᠷ ᠬᠦᠢᠲᠡᠨ ᠠᠭᠤᠷ ᠠᠮᠢᠰᠬᠤᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠵᠤ᠂ ᠪᠠᠷᠢᠯᠭ᠎ᠠ ᠶᠢᠨ ᠬᠤᠭᠤᠴᠠᠭ᠎ᠠ ᠶᠢ 2025 ᠣᠨ ᠤ 1 ᠰᠠᠷ᠎ᠠ ᠶᠢᠨ 20 ᠤ ᠡᠳᠦᠷ ᠪᠣᠯᠲᠠᠯ᠎ᠠ ᠤᠷᠲᠤᠳᠬᠠᠬᠤ ᠪᠠᠷ ᠲᠥᠯᠥᠪᠯᠡᠵᠦ ᠪᠣᠶ᠂ ᠲᠤᠬᠠᠢ ᠶᠢᠨ ᠦᠶ᠎ᠡ ᠳᠤ᠂ ᠭᠤᠣᠯ ᠴᠣᠭᠴᠠ ᠶᠢᠨ ᠢᠨᠵᠧᠨᠧᠷᠢᠩ ᠤᠨ ᠬᠤᠶᠠᠳᠠᠭᠢ ᠤᠳᠠᠭᠠᠨ ᠤ ᠪᠦᠲᠦᠴᠡ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠤᠭᠰᠠᠷᠠᠯᠲᠠ ᠶᠢᠨ 50% ᠠᠴᠠ ᠳᠡᠭᠡᠭᠰᠢᠬᠢ ᠶᠢ ᠪᠡᠶᠡᠯᠡᠭᠦᠯᠦᠨ᠎ᠡ︾᠃
    ᠸᠧ ᠯᠦᠩ ᠤᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠴᠤ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠂ ᠨᠢᠭᠡᠨᠲᠡ ᠪᠠᠶᠢᠭᠤᠯᠤᠭᠰᠠᠨ ᠦᠢᠯᠡᠳᠪᠦᠷᠢ ᠶᠢᠨ ᠪᠠᠶᠢᠰᠢᠩ ᠳᠤ᠂ ᠠᠵᠢᠯᠴᠢᠳ ᠶᠠᠭ ᠳᠣᠣᠷ᠎ᠠ ᠬᠦᠴᠦᠳᠡᠯᠲᠦ ᠴᠠᠬᠢᠯᠭᠠᠨ ᠲᠦᠭᠡᠭᠡᠬᠦ᠂ ᠠᠭᠠᠷ ᠤᠨ ᠡᠨᠧᠷᠭᠢ᠂ ᠨᠠᠷᠢᠯᠢᠭ ᠴᠢᠮᠡᠭᠯᠡᠯ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠵᠦ ᠪᠠᠶᠢᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠸᠧ ᠯᠦᠩ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠡᠨᠡ ᠵᠢᠯ ᠤᠨ 3 ᠰᠠᠷ᠎ᠠ ᠳᠤ ᠭᠡᠷ᠎ᠡ ᠲᠣᠭᠲᠠᠵᠤ᠂ 4 ᠰᠠᠷ᠎ᠠ ᠳᠤ ᠸᠧ ᠯᠦᠩ ᠪᠤᠭᠤᠲᠤ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠵᠤ᠂ 5 ᠰᠠᠷ᠎ᠠ ᠶᠢᠨ 20  ᠤ ᠡᠳᠦᠷ ᠵᠢᠩᠬᠢᠨᠢ ᠪᠠᠷ ᠠᠵᠢᠯ ᠡᠬᠢᠯᠡᠭᠦᠯᠦᠨ 6 ᠰᠠᠷ᠎ᠠ ᠳᠤ ᠨᠢᠭᠡᠳᠦᠭᠡᠷ ᠬᠤᠭᠤᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ 10 ᠰᠠᠷ᠎ᠠ ᠶᠢᠨ 10  ᠤ ᠡᠳᠦᠷ ᠪᠠᠷᠢᠯᠭ᠎ᠠ ᠳᠠᠭᠤᠰᠴᠤ ᠬᠢᠨᠠᠨ ᠬᠢᠷᠢ ᠲᠡᠩᠴᠡᠯᠳᠡ ᠶᠢ ᠪᠠᠶᠢᠭᠠᠴᠠᠨ᠂ ᠵᠢᠱᠢᠯᠲᠡ ᠪᠠᠷ 12 ᠰᠠᠷ᠎ᠠ ᠶᠢᠨ 25  ᠤ ᠡᠳᠦᠷ ᠠᠰᠢᠭᠯᠠᠯᠲᠠ ᠳᠤ ᠣᠷᠣᠭᠤᠯᠵᠤ ᠲᠤᠷᠰᠢᠨ ᠠᠵᠢᠯᠯᠠᠭᠤᠯᠤᠨ᠎ᠠ᠃
    ︽ᠲᠤᠬᠠᠢ ᠶᠢᠨ ᠵᠢᠯ ᠳᠤ ᠭᠡᠷ᠎ᠡ ᠲᠣᠭᠲᠠᠬᠤ᠂ ᠲᠤᠬᠠᠢ ᠶᠢᠨ ᠵᠢᠯ ᠳᠤ ᠪᠦᠲᠦᠭᠡᠨ ᠪᠠᠶᠢᠭᠤᠯᠬᠤ᠂ ᠲᠤᠬᠠᠢ ᠶᠢᠨ ᠵᠢᠯ ᠳᠤ ᠪᠠᠷᠢᠯᠭ᠎ᠠ ᠳᠠᠭᠤᠰᠬᠠᠬᠤ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠥᠨᠥᠳᠥᠷ ᠪᠢᠳᠡ ᠰᠠᠶ᠋ᠢᠬᠠᠨ ᠪᠠᠷᠢᠯᠭ᠎ᠠ ᠪᠠᠷᠢᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠪᠤᠢ ᠪᠦᠬᠦᠢ ᠡᠭᠡᠯᠵᠢ ᠳᠤᠭᠤᠶᠢᠯᠠᠩ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠡᠭᠦᠷᠭᠡ ᠪᠠᠨ ᠡᠭᠦᠷᠭᠡᠯᠡᠵᠦ᠂ ᠪᠠᠷᠢᠯᠭ᠎ᠠ ᠪᠠᠷᠢᠬᠤ ᠲᠥᠯᠥᠪᠯᠡᠭᠡ ᠶᠢ ᠴᠢᠩᠭ᠎ᠠ ᠵᠢᠷᠤᠮᠯᠠᠨ ᠲᠦᠷᠦᠯ ᠵᠦᠢᠯ ᠤᠨ ᠠᠬᠢᠴᠠ ᠶᠢ ᠠᠬᠢᠭᠤᠯᠵᠤ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ︾ ᠭᠡᠵᠦ ᠲᠦᠷᠦᠯ ᠵᠦᠢᠯ ᠤᠨ ᠬᠠᠷᠢᠭᠤᠴᠠᠯᠭᠠᠲᠠᠨ ᠯᠧᠦ ᠵᠢᠶᠠᠨ ᠹᠧᠩ ᠬᠡᠯᠡᠨ᠎ᠡ
    ᠣᠳᠣᠬᠠᠨ ᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠡᠪᠦᠯ ᠤᠨ ᠤᠯᠠᠷᠢᠯ ᠤᠨ ᠬᠠᠮᠤᠭ ᠤᠨ ᠡᠷᠴᠢᠮᠳᠣ ᠠᠬᠢᠭᠤᠯᠣᠯ ᠳᠤ ᠣᠷᠣᠵᠣ ︽ᠠᠵᠠ ᠲᠣᠬᠢᠶᠠᠯ ᠢ ᠠᠮᠵᠢᠨ ᠬᠥᠭᠵᠢᠯᠲᠡ ᠶᠢ ᠠᠬᠢᠭᠤᠯᠵᠤ᠂ ᠲᠡᠭᠦᠰᠬᠡᠯ ᠤᠨ ᠳᠠᠶᠢᠯᠠᠯᠳᠤᠭᠠᠨ ᠢ ᠰᠠᠶᠢᠲᠤᠷ ᠬᠢᠬᠦ︾ ᠡᠷᠡᠮᠡᠬᠡᠶᠢᠯᠡᠨ ᠤᠷᠤᠭᠰᠢᠯᠠᠭᠴᠢ ᠶᠢᠨ ᠳᠠᠭᠤᠤ ᠶᠢ ᠬᠠᠩᠭᠢᠨᠠᠭᠤᠯᠣᠨ ᠠᠵᠤ ᠦᠢᠯᠡᠰ ᠤᠨ ᠬᠥᠭᠵᠢᠯᠲᠡ ᠳᠤ ᠲᠠᠰᠤᠷᠠᠯᠳᠡ ᠦᠭᠡᠢ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠪᠡ᠃     2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ᠪᠦᠬᠦ ᠵᠢᠯ ᠳᠤ ᠨᠡᠶᠢᠳᠡ 71 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠪᠡ᠂ ᠡᠭᠦᠨ ᠳᠤ ᠠᠵᠤ ᠦᠢᠯᠡᠰ ᠤᠨ ᠲᠦᠷᠦᠯ ᠤᠨ ᠲᠦᠷᠦᠯ ᠵᠦᠢᠯ 61᠂ ᠵᠢᠱᠢᠯᠲᠡ ᠪᠠᠷ ᠪᠦᠬᠦ ᠵᠢᠯ ᠳᠤ 50 ᠲᠦᠷᠦᠯ ᠵᠦᠢᠯ ᠢ ᠪᠠᠷᠢᠵᠤ ᠲᠠᠭᠤᠰᠬᠠᠨ ᠪᠠᠷᠢᠯᠭ᠎ᠠ ᠳᠠᠭᠤᠰᠤᠭᠰᠠᠨ ᠨᠤᠷᠮ᠎ᠠ 70% ᠠᠴᠠ ᠳᠡᠭᠡᠭᠰᠢ ᠳᠤ ᠬᠦᠷᠴᠦ᠂ ᠴᠢᠬᠤᠯᠠ ᠶᠡᠭᠡ ᠲᠦᠷᠦᠯ ᠵᠦᠢᠯ ᠤᠨ ᠳᠠᠭᠠᠭᠤᠯᠭ᠎ᠠ ᠪᠠᠷ᠂ ᠡᠨᠡ ᠵᠢᠯ 20 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ  ᠨᠡᠮᠡᠭᠳᠡᠭᠦᠯᠪᠠ᠃      ︽2025 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠦᠷᠭᠡᠳᠭᠡᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠤᠯᠠᠮᠵᠢᠯᠠᠯᠲᠤ ᠠᠵᠤ ᠦᠢᠯᠡᠰ ᠤᠨ ᠰᠢᠨᠡᠴᠢᠯᠡᠯᠲᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠵᠠᠭᠠᠶᠢᠷᠠᠯ ᠪᠠ ᠢᠷᠡᠭᠡᠳᠦᠢ ᠶᠢᠨ ᠠᠵᠤ ᠦᠢᠯᠡᠰ ᠤᠨ ᠪᠤᠶᠢᠵᠢᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠵᠢᠯ ᠳᠤ 80 ᠠᠴᠠ ᠳᠡᠭᠡᠭᠰᠢ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠦᠷᠭᠦᠯᠵᠢᠯᠡᠨ ᠦᠷᠭᠦᠯᠵᠢᠯᠡᠬᠦ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠬᠦ ᠪᠠᠷ ᠲᠥᠯᠥᠪᠯᠡᠵᠦ ᠪᠠᠶᠢᠨ᠎ᠠ︾᠃ ᠡᠭᠦᠨ ᠤ ᠵᠡᠷᠭᠡᠪᠡᠷ᠂ ᠴᠢᠬᠤᠯᠠ ᠶᠡᠭᠡ ᠲᠦᠷᠦᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠬᠦ ᠶᠠᠪᠤᠴᠠ ᠶᠢ ᠣᠷᠣᠯᠠᠨ ᠭᠦᠢᠴᠡᠳᠬᠡᠬᠦ᠂ ᠬᠠᠮᠲᠤᠷᠠᠨ ᠬᠢᠨᠠᠨ ᠵᠥᠪᠰᠢᠶᠡᠷᠡᠬᠦ᠂ ᠳᠤᠲᠠᠭᠤ ᠶᠢ ᠪᠠᠭᠲᠠᠭᠠᠬᠤ ᠶᠢ ᠭᠦᠢᠴᠡᠳᠬᠡᠬᠦ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠲᠦᠷᠦᠯ ᠵᠦᠢᠯ ᠤᠨ ᠭᠡᠷ᠎ᠡ ᠶᠢ ᠭᠦᠢᠴᠡᠳᠬᠡᠬᠦ ᠨᠤᠷᠮ᠎ᠠ᠂ ᠠᠵᠢᠯ ᠡᠬᠢᠯᠡᠬᠦ ᠨᠤᠷᠮ᠎ᠠ᠂ ᠪᠡᠯᠡ ᠮᠥᠩᠭᠦ ᠣᠯᠬᠤ ᠨᠤᠷᠮ᠎ᠠ᠂  ᠠᠰᠢᠭᠯᠠᠯᠲᠠ ᠳᠤ ᠣᠷᠣᠭᠤᠯᠬᠤ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠠᠬᠢᠭᠤᠯᠣᠨ ᠴᠢᠨᠠᠷ ᠰᠠᠶᠢᠲᠠᠢ ᠲᠦᠷᠦᠯ ᠵᠦᠢᠯ ᠢᠶᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ ᠠᠬᠢᠭᠤᠯᠬᠤ ᠬᠡᠷᠡᠭᠲᠡᠢ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠢ ᠶᠤᠸᠠᠢ ᠷᠦᠩ ᠶᠠᠷᠢᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号