ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠣᠷᠣᠨ ᠤ ᠨᠠᠮ ᠣᠯᠠᠨ ᠲᠦᠮᠡᠨ ᠤ | ᠠᠵᠢᠯ ᠤᠨ ᠬᠡᠯᠲᠡᠰ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠴᠢᠶᠡᠯ ᠨᠥᠬᠦᠵᠦ ᠬᠦᠴᠦᠨ ᠢᠶᠠᠨ ᠴᠢᠩᠭᠠᠯᠠᠬᠤ ᠪᠠᠷ | ᠭᠠᠷᠳᠠᠴᠠ ᠪᠣᠯᠭᠠᠵᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠪᠠᠷᠢᠮᠵᠢᠶ᠎ᠠ ᠶᠢ ᠬᠠᠷᠢᠴᠠᠭᠤᠯᠤᠨ ᠳᠡᠭᠡᠭᠰᠢᠯᠡᠭᠦᠯᠬᠦ ᠪᠠᠷ | ᠲᠤᠯᠭᠠᠭᠤᠷᠢᠯᠠᠯ ᠪᠣᠯᠭᠠᠵᠤ᠂ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠢ ᠪᠣᠯᠭᠠᠬᠤ᠂ ᠴᠢᠭᠯᠡᠯ ᠪᠠ ᠭᠤᠣᠯᠳᠠᠯᠭ᠎ᠠ ᠶᠢ | ᠲᠣᠳᠣᠷᠬᠠᠢ ᠪᠣᠯᠭᠠᠬᠤ ᠪᠠᠷ ᠬᠥᠲᠥᠯᠥᠮᠵᠢ ᠪᠣᠯᠭᠠᠵᠤ ︽ᠰᠢᠢᠳᠪᠦᠷᠢᠯᠡᠭᠦ ᠰᠡᠳᠬᠢᠬᠦᠢ︾ ᠶᠢ ᠴᠢᠩᠭᠠᠳᠬᠠᠬᠤ᠂ | ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠷ ᠭᠤᠣᠯ ᠪᠣᠯᠭᠠᠵᠤ᠂ ᠲᠠᠰᠤᠭ ᠤᠨ ᠳᠣᠲᠣᠭᠠᠳᠤ ᠶᠢᠨ ᠦᠵᠡᠯ | ᠰᠠᠨᠠᠭ᠎ᠠ ᠪᠠᠨ ᠴᠢᠯᠦᠭᠡᠯᠡᠬᠦ᠂ ᠵᠣᠷᠢᠭ ᠰᠠᠨᠠᠭ᠎ᠠ ᠪᠠᠨ ᠬᠥᠪᠴᠢᠯᠡᠬᠦ᠂ ᠴᠢᠳᠠᠪᠤᠷᠢ ᠪᠠᠨ ᠳᠡᠭᠡᠭᠰᠢᠯᠡᠭᠦᠯᠬᠦ᠂ ᠰᠤᠷᠲᠠᠯ ᠢᠶᠠᠨ | ᠬᠤᠪᠢᠷᠠᠭᠤᠯᠬᠤ ᠶᠢ ᠠᠬᠢᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠠᠶᠢᠳᠠᠯ ᠢᠶᠠᠷ ᠡᠯ᠎ᠡ ᠵᠦᠢᠯ ᠤᠨ | ᠠᠵᠢᠯ ᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠵᠣ ᠪᠣᠢ᠃ | ᠨᠢᠭᠡ᠂ ︽ᠰᠢᠢᠳᠪᠦᠷᠢᠯᠡᠭᠦ ᠰᠡᠳᠬᠢᠬᠦᠢ︾ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ | ᠣᠷᠣᠨ ᠤ ᠨᠠᠮ ᠤᠯᠠᠨ ᠲᠦᠮᠡᠨ ᠤ ᠠᠵᠢᠯ ᠤᠨ ᠬᠡᠯᠲᠡᠰ ᠰᠤᠷᠤᠯᠴᠠᠬᠤ ᠶᠢᠨ ᠳᠠᠭᠠᠤ ᠪᠠᠶᠢᠴᠠᠭᠠᠨ᠂ ᠴᠡᠭᠴᠡᠯᠡᠨ | ᠰᠠᠶᠢᠵᠢᠷᠠᠭᠤᠯᠵᠤ᠂ ᠳ᠋ᠦᠩᠨᠡᠵᠦ ᠳᠡᠭᠡᠭᠰᠢᠯᠡᠭᠦᠯᠬᠦ ᠶᠢᠨ ᠳᠠᠭᠠᠤ ᠲᠤᠰᠬᠠᠢ ᠰᠡᠳᠦᠪᠲᠦ ᠠᠵᠢᠯᠯᠠᠭ᠎ᠠ ᠳᠤ ᠨᠠᠶᠢᠳᠡᠮ ᠳᠤ ᠨᠢ | ᠲᠣᠭᠤᠰᠢᠯᠠᠭᠤᠯᠵᠣ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠵᠣᠷᠢᠭ ᠰᠠᠨᠠᠭ᠎ᠠ ᠶᠢ ᠬᠥᠭᠵᠢᠭᠡᠬᠦ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠤᠰᠬᠠᠢ ᠰᠡᠳᠦᠪᠲᠦ ᠠᠵᠢᠯᠯᠠᠭ᠎ᠠ ᠶᠢᠨ | ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ᠂ ᠦᠢᠯᠡᠴᠢᠯᠡᠬᠦ ᠡᠲᠡᠭᠡᠳ ᠲᠠᠢ ᠪᠠᠨ ᠤᠶᠠᠯᠳᠤᠭᠤᠯᠤᠨ᠂ ᠪᠥᠬᠦ ᠰᠠᠯᠠᠭᠠᠨ ᠤ ᠲᠠᠰ ᠤᠨ ᠺᠠᠳ᠋ᠷ ︵ | ᠲᠤᠰᠢᠶᠠᠯ ᠤᠨ ᠲᠠᠰ ᠤᠨ ᠺᠠᠳ᠋ᠷ ᠪᠠᠭᠲᠠᠨ᠎ᠠ︶ ᠢ ᠴᠥᠮ ᠲᠤᠰᠬᠠᠢ ᠰᠡᠳᠦᠪᠲᠦ ᠠᠵᠢᠯᠯᠠᠭ᠎ᠠ ᠳᠤ ᠣᠷᠣᠯᠴᠠᠭᠤᠯᠬᠤ ᠶᠢᠨ | ᠬᠠᠮᠲᠤ ︽ᠨᠢᠭᠡ ᠪᠦᠯᠦᠭ ᠬᠦᠴᠢᠷᠲᠡᠢ ᠪᠥᠭᠡᠳ ᠵᠥᠪ ᠶᠠᠪᠤᠳᠠᠯ ᠢ ᠪᠦᠲᠦᠭᠡᠵᠦ ᠳᠡᠶᠢᠯᠬᠦ︾ ᠪᠠᠷ ᠬᠠᠷᠠᠯᠲᠠ ᠪᠣᠯᠭᠠᠵᠤ᠂ | 32 ᠵᠦᠢᠯ ᠤᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠡᠮᠬᠢᠯᠡᠨ ᠭᠠᠷᠭᠠᠪᠠ᠃ | ᠠᠷᠪᠠᠨ ᠲᠠᠯ᠎ᠠ ᠶᠢᠨ ᠢᠯᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭ ᠤᠨ ᠪᠦᠷᠢᠯᠳᠦᠭᠦᠨ ᠠᠴᠠ 80 | ᠠᠰᠠᠭᠤᠳᠠᠯ ᠢ ᠵᠢᠭᠰᠠᠭᠠᠵᠤ᠂ 110 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃ | ᠣᠷᠣᠰᠢᠵᠤ ᠪᠠᠶᠢᠭ᠎ᠠ ᠠᠰᠠᠭᠤᠳᠠᠯ ᠤᠨ ᠶᠣᠰᠣᠭᠠᠷ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠵᠠᠳᠠᠯᠬᠤ᠂ | ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠠᠷᠭᠤᠭᠤᠯᠬᠤ᠂ ᠬᠦᠴᠢᠷ ᠲᠦᠪᠡᠭᠲᠡᠢ ᠠᠰᠠᠭᠤᠳᠠᠯ ᠢ ᠵᠠᠳᠠᠯᠬᠤ ᠵᠡᠷᠭᠡ 4 | ᠲᠠᠯ᠎ᠠ ᠪᠠᠷ ︽ᠠᠰᠠᠭᠤᠳᠠᠯ ᠢ ᠪᠠᠶᠢᠴᠠᠭᠠᠨ ᠳᠡᠯᠭᠡᠭᠰᠡᠨ ᠲᠣᠳᠣᠷᠬᠠᠢ ᠬᠠᠭᠤᠳᠠᠰᠤ︾ ᠶᠢ ᠲᠠᠭᠯᠠᠨ ᠮᠡᠳᠡᠭᠦᠯᠪᠡ᠃ | ᠣᠳᠣᠬᠠᠨ ᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠤᠰ ᠢᠷᠡᠭᠡᠳᠦᠢ ᠶᠢ ᠲᠥᠯᠥᠪᠵᠢᠭᠦᠯᠵᠦ᠂ ︽ | 2024 ᠣᠨ ᠤ ᠵᠢᠯ ᠤᠨ ᠡᠴᠦᠰ ᠠᠴᠠ ᠡᠮᠦᠨᠡᠬᠢ ᠡᠭᠦᠷᠭᠡ ᠶᠢᠨ ᠨᠠᠷᠢᠨ ᠳᠠᠩᠰᠠ︾᠂ ︽2025 ᠣᠨ ᠤ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠶᠢ ᠪᠦᠷᠢᠯᠳᠦᠭᠦᠯᠵᠦ᠂ 26 ᠵᠦᠢᠯ ᠤᠨ ᠭᠤᠣᠯᠳᠠᠯᠭ᠎ᠠ ᠲᠠᠢ | ᠠᠵᠢᠯ ᠢ ᠲᠣᠭᠲᠠᠭᠠᠪᠠ᠃ | ᠬᠤᠶᠠᠷ᠂ ︽ᠴᠢᠳᠠᠮᠠᠭᠠᠢ ᠪᠠᠷ ᠰᠢᠢᠳᠪᠦᠷᠢᠡᠯᠭᠦ︾ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ | ᠣᠷᠣᠭᠰᠢᠯᠠᠨ ᠰᠢᠨ᠎ᠡ ᠶᠢ ᠡᠭᠦᠳᠬᠦ ᠬᠡᠷᠡᠭᠲᠡᠢ | ᠪᠣᠳᠠᠲᠠᠢ ᠠᠳᠬᠤᠵᠤ ᠪᠣᠳᠠᠲᠠᠢ ᠠᠵᠢᠯᠯᠠᠬᠤ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠬᠢᠨ᠎ᠡ ᠭᠡᠪᠡᠯ ᠬᠢᠬᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠰᠤᠷᠲᠠᠯ ᠢᠶᠠᠷ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠵᠠᠯᠠᠭᠤ ᠺᠠᠳ᠋ᠷᠴᠤᠳ ᠤᠨ ᠪᠣᠳᠠᠲᠤ ᠳᠠᠶᠢᠨ ᠤ ᠰᠣᠯᠢᠯᠴᠠᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠪᠠᠨ ᠠᠵᠤ ᠠᠬᠤᠢ᠂ ᠨᠡᠶᠢᠭᠡᠮ᠂ ᠨᠠᠮ ᠤᠨ ᠪᠠᠶᠢᠭᠤᠯᠤᠯᠲᠠ | ᠵᠡᠷᠭᠡ ᠬᠦᠷᠢᠶᠡᠨ ᠤ ᠰᠡᠳᠦᠪ ᠲᠤ ᠲᠥᠪᠯᠡᠷᠡᠭᠦᠯᠵᠦ᠂ 50 ᠭᠠᠷᠤᠢ ᠵᠠᠯᠠᠭᠤ ᠺᠠᠳ᠋ᠷ ᠶᠠᠷᠢᠶᠠᠨ ᠤ ᠨᠣᠣᠷᠠᠭ ᠢᠶᠠᠨ ᠨᠠᠷᠢᠨ | ᠨᠢᠮᠪᠠᠢ ᠪᠡᠯᠡᠳᠬᠡᠵᠦ᠂ ᠬᠦᠷᠢᠶ᠎ᠡ ᠪᠦᠷᠢ ᠳᠤ ᠲᠦᠷᠦᠭᠦᠦ 6 ᠺᠠᠳ᠋ᠷ ᠢ ᠰᠢᠯᠭᠠᠷᠠᠭᠤᠯᠤᠭᠠᠳ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠳᠡᠰ ᠤᠨ ᠱᠠᠩᠨᠠᠯ ᠬᠦᠷᠳᠡᠪᠡ᠃ ︽ᠬᠠᠷᠢᠭᠤᠴᠠᠯᠭ᠎ᠠ ᠡᠭᠦᠷᠭᠡᠯᠡᠬᠦ ᠰᠠᠶᠢᠨ ᠺᠠᠳ᠋ᠷ ᠪᠣᠯᠭᠠᠬᠤ︾ | ᠰᠢᠯᠭᠠᠷᠠᠭᠤᠯᠤᠯᠲᠠ ᠶᠢᠨ ᠠᠵᠢᠯ ᠢ ᠥᠷᠨᠢᠭᠦᠯᠵᠦ᠂ ᠪᠡᠶ᠎ᠡ ᠬᠡᠮ ᠤᠨ ᠵᠠᠭᠠᠭ ᠬᠢᠵᠠᠭᠠᠷ ᠢ ᠡᠪᠳᠡᠵᠦ᠂ ᠳᠣᠣᠷ᠎ᠠ ᠠᠴᠠ | ᠳᠡᠭᠡᠭᠰᠢ᠂ ᠰᠢᠯᠢᠳᠡᠭ ᠢ ᠰᠣᠩᠭᠤᠵᠤ ᠠᠳᠠᠯᠢᠳᠬᠠᠨ ᠰᠣᠩᠭᠤᠬᠤ᠂ ᠬᠠᠮᠲᠤ ᠪᠠᠷ ᠰᠤᠳᠤᠯᠬᠤ ᠪᠠᠷ ᠲᠠᠮᠵᠢᠨ᠂ ᠴᠢᠬᠤᠯᠠ | ᠶᠡᠭᠡ ᠲᠡᠮᠡᠴᠡᠯ ᠪᠦᠭᠦᠢ ᠨᠢᠭᠡᠳᠦᠭᠡᠷ ᠹᠷᠣᠨᠲ ᠪᠠ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢᠨ ᠳᠤᠮᠳᠠ | ᠲᠣᠪᠣᠶᠢᠮ᠎ᠠ ᠢᠯᠡᠷᠡᠯ ᠲᠠᠢ 17 ᠺᠠᠳ᠋ᠷ ᠢ ︽ᠬᠠᠷᠢᠭᠤᠴᠠᠯᠭ᠎ᠠ ᠡᠭᠦᠷᠭᠡᠯᠡᠬᠦ ᠶᠢ ᠰᠠᠶᠢᠨ ᠺᠠᠳ᠋ᠷ ᠪᠣᠯᠭᠠᠬᠤ︾ ᠪᠠᠷ ᠦᠨᠡᠯᠡᠨ | ᠲᠣᠭᠲᠠᠭᠠᠵᠤ᠂ ᠺᠠᠳ᠋ᠷ ᠢ ᠳᠡᠪᠰᠢᠭᠦᠯᠬᠦ᠂ ᠰᠢᠯᠢᠳᠡᠭ ᠢ ᠰᠢᠯᠭᠠᠷᠠᠭᠤᠯᠤᠨ ᠲᠡᠷᠢᠭᠦᠨ ᠢ ᠰᠢᠯᠭᠠᠷᠠᠭᠤᠯᠬᠤ ᠳᠤ ᠣᠷᠢᠳᠠᠯ | ᠨᠦᠬᠦᠴᠡᠯ ᠪᠣᠯᠭᠠᠪᠠ᠃ | ᠭᠤᠷᠪᠠ᠂ ︽ᠵᠣᠷᠢᠭᠲᠠᠢ ᠪᠠᠷ ᠰᠢᠢᠳᠪᠦᠷᠢᠯᠡᠭᠦ︾ ᠰᠥᠰᠥ ᠵᠣᠷᠢᠭ ᠢᠶᠠᠨ ᠴᠢᠩᠭᠠᠷᠠᠭᠤᠯᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠬᠡᠷᠡᠭᠲᠡᠢ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠪᠠᠨ | ᠤᠷᠢᠳᠠᠪᠠᠷ ᠭᠦᠢᠴᠡᠳᠬᠡᠬᠦ ᠪᠠᠷ ᠴᠢᠷᠮᠠᠶᠢᠨ ᠪᠦᠬᠦ ᠣᠷᠣᠨ ᠤ ᠬᠥᠭᠵᠢᠯᠲᠡ ᠳᠤ ᠦᠢᠯᠡᠴᠢᠯᠡᠬᠦ ᠬᠠᠷᠠᠭᠠᠰᠤ ᠠᠴᠠ ᠬᠦᠴᠢᠷ | ᠠᠰᠠᠭᠤᠳᠠᠯ ᠢ ᠰᠢᠢᠳᠪᠦᠷᠢᠯᠡᠵᠦ᠂ ᠢᠷᠡᠭᠡᠳᠦᠢ ᠪᠠᠨ ᠲᠥᠯᠥᠪᠵᠢᠭᠦᠯᠦᠨ᠎ᠡ᠃ ᠪᠥᠬᠦ ᠣᠷᠣᠨ ᠢ ᠣᠯᠠᠨ ᠵᠢᠯ | ᠭᠠᠴᠢᠭᠳᠠᠭᠤᠯᠵᠤ ᠪᠠᠶᠢᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠰᠠᠭᠤᠳᠠᠯ ᠳᠤ ᠴᠢᠭᠯᠡᠭᠦᠯᠦᠨ᠂ ᠪᠥᠬᠦ | ᠣᠷᠣᠨ ᠤ ᠵᠠᠰᠠᠭ ᠵᠠᠬᠢᠷᠭ᠎ᠠ ᠪᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠳᠤ | ᠲᠣᠬᠢᠷᠠᠭᠤᠯᠤᠯᠲᠠ ᠬᠢᠵᠦ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠦᠨ | ᠂ ᠠᠵᠢᠯ ᠦᠢᠯᠡᠰ ᠤᠨ ᠨᠢᠭᠡᠴᠡ ᠶᠢᠨ ᠰᠢᠰᠲ᠋ᠧᠮᠵᠢᠭᠦᠯᠦᠭᠰᠡᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠬᠠᠮᠢᠶᠠᠷᠤᠯᠲᠠ ᠶᠢᠨ ᠬᠠᠷᠢᠴᠠᠭ᠎ᠠ ᠶᠢ ᠰᠢᠯᠤᠭᠤᠳᠬᠠᠵᠤ᠂ ︽ᠶᠡᠬᠡᠩᠬᠢ ᠳᠦᠷᠢᠮ︾ ᠤᠨ ᠶᠣᠰᠣᠭᠠᠷ ᠳᠠᠬᠢᠨ ᠣᠷᠣᠨ | ᠲᠤᠭ᠎ᠠ ᠶᠢ ᠬᠢᠨᠠᠨ ᠲᠣᠭᠲᠠᠭᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ | ᠲᠣᠬᠢᠷᠠᠭᠤᠯᠤᠯᠲᠠ ᠶᠢᠨ ᠵᠦᠢᠯᠡᠰ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠪᠡᠶᠡᠯᠡᠭᠦᠯᠪᠠ᠃ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠲᠤᠰᠬᠠᠢ ᠬᠢᠨᠠᠨ ᠰᠢᠯᠭᠠᠯᠲᠠ ᠶᠢ ᠥᠷᠨᠢᠭᠦᠯᠵᠦ᠂ ᠠᠷᠠᠯᠵᠢᠶᠠᠴᠢᠨ ᠤᠷᠢᠬᠤ ᠡᠩᠨᠡᠭᠡ ᠶᠢ | ᠰᠢᠯᠢᠳᠡᠭᠵᠢᠭᠦᠯᠦᠨ ᠲᠣᠬᠢᠷᠠᠭᠤᠯᠬᠤ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠺᠠᠳ᠋ᠷ ᠢ | ᠬᠥᠮᠥᠵᠢᠭᠦᠯᠬᠦ ᠠᠷᠭ᠎ᠠ ᠬᠡᠮᠵᠢᠶ᠎ᠡ ᠨᠢ ᠦᠨᠡᠨ ᠪᠣᠳᠠᠲᠠᠢ ᠪᠢᠰᠢ᠂ ᠲᠤᠰᠬᠠᠢ ᠮᠡᠷᠭᠡᠵᠢᠯ ᠤᠨ ᠪᠦᠲᠦᠴᠡ ᠨᠢ ᠰᠢᠯᠢᠳᠡᠭ | ᠪᠢᠰᠢ᠂ ᠬᠠᠷᠢᠭᠤᠴᠠᠯᠭ᠎ᠠ ᠡᠭᠦᠷᠭᠡᠯᠡᠵᠦ ᠠᠵᠢᠯ ᠶᠠᠪᠤᠳᠠᠯ ᠬᠢᠬᠦ ᠡᠷᠴᠢ ᠵᠣᠷᠢᠭ ᠨᠢ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠰᠢᠢᠳᠪᠦᠷᠢᠯᠡᠪᠡ᠃ | ᠳᠥᠷᠪᠡ᠂ ︽ᠵᠠᠪᠠᠯ ᠰᠢᠢᠳᠪᠦᠷᠢᠯᠡᠬᠦ︾ ᠶᠢᠨ ᠦᠷ᠎ᠡ ᠪᠦᠳᠦᠮᠵᠢ ᠶᠢ ᠪᠣᠳᠠᠲᠠᠢ ᠪᠠᠷ ᠠᠳᠬᠤᠵᠤ᠂ ᠣᠯᠠᠨ | ᠲᠦᠮᠡᠨᠴᠢ ᠦᠵᠡᠯᠲᠡ ᠶᠢ ᠪᠠᠲᠤ ᠪᠠᠬᠢ ᠪᠤᠢ ᠪᠣᠯᠭᠠᠨ᠎ᠠ | ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠭᠤᠶᠤᠴᠢᠯᠠᠬᠤ ᠦᠭᠡᠢ ᠪᠠᠷ ᠲᠡᠷᠡ ᠳᠠᠷᠤᠢ | ᠳᠤᠨᠢ ᠡᠳ᠋ᠯᠡᠬᠦ︾ ᠠᠷᠭ᠎ᠠ ᠮᠠᠶ᠋ᠢᠭ ᠢᠶᠠᠷ 1021 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠪᠤᠴᠠᠭᠠᠬᠤ 789.72 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ 23252 ᠬᠥᠮᠥᠨ ᠳᠤ ᠬᠤᠯᠪᠣᠭᠳᠠᠵᠠᠢ | ᠃ 448 ᠬᠥᠮᠥᠨ ᠳᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢᠨ ᠨᠥᠬᠦᠪᠦᠷᠢ 68.05 ᠲᠦᠮᠡᠨ ᠲᠥᠭᠦᠷᠢᠭ ᠢ | ᠣᠯᠭᠤᠪᠠ᠃ ᠠᠵᠢᠯ ᠠᠯᠳᠠᠭᠰᠠᠳ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ | 199 ᠬᠥᠮᠥᠨ ᠳᠤ 53 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠬᠠᠷᠠᠭᠠᠯᠵᠠᠯ ᠣᠯᠭᠤᠵᠤ᠂ 183 | ᠬᠥᠮᠥᠨ ᠳᠤ ᠡᠮ ᠡᠮᠨᠡᠯᠭᠡ ᠶᠢᠨ ᠳᠠᠭᠠᠳᠬᠠᠯ ᠤᠨ ᠣᠷᠣᠯᠠᠨ ᠲᠤᠰᠢᠶᠠᠬᠤ ᠳᠠᠩᠰᠠᠯᠠᠯᠲᠠ ᠶᠢ ᠭᠦᠢᠴᠡᠳᠬᠡᠵᠦ ᠥᠭᠪᠡ᠃ | 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠥᠨ ᠤ ᠲᠤᠭ᠎ᠠ 4.6 ᠭᠠᠷᠤᠢ ᠲᠦᠮᠡ ᠳᠤ ᠬᠦᠷᠴᠦ᠂ ᠲᠦᠷᠦᠭᠦᠸ ᠵᠢᠯ ᠤᠨ ᠳᠠᠭᠠᠳᠬᠠᠯ ᠳᠤ | ᠣᠷᠣᠯᠴᠠᠭᠰᠠᠨ ᠬᠥᠮᠥᠨ ᠤ ᠲᠤᠭ᠎ᠠ ᠠᠴᠠ 3000 ᠭᠠᠷᠤᠢ ᠬᠥᠮᠥᠨ ᠳᠠᠪᠠᠵᠠᠢ᠃ |