ᠪᠥᠬᠦ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠭᠡᠷᠡᠴᠢᠯᠡᠯ ᠤᠨ ᠦᠨᠡᠮᠯᠡᠯ ᠢ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ᠳᠤ ᠤᠯᠭᠤᠪᠠ
ᠨᠡᠶᠢᠲᠡᠯᠡᠭᠰᠡᠨ ᠴᠠᠭ᠄
2024/12/17
    ᠪᠥᠬᠦ ᠤᠯᠤᠰ ᠤᠨ ᠠᠩᠬᠠᠳᠠᠭᠴᠢ ᠪᠣᠬᠢᠷᠲᠤᠯ ᠦᠭᠡᠢ ᠴᠠᠬᠢᠯᠭᠠᠨ ᠠᠭᠤᠯᠤᠭᠰᠠᠨ ︽ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠭᠡᠷᠡᠴᠢᠯᠡᠯ ᠤᠨ ᠦᠨᠡᠮᠯᠡᠯ︾ ᠢ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠳᠤ ᠨᠠᠶᠢᠳᠠᠪᠤᠷᠢᠵᠢᠭᠤᠯᠪᠠ᠂ ᠢᠷᠡᠭᠡᠳᠦᠢ ᠶᠢᠨ ᠣᠯᠠᠨ ᠤᠯᠤᠰ ᠤᠨ ᠠᠷᠠᠯᠵᠢᠶᠠᠨ ᠤ ᠳᠤᠮᠳᠠ 32 ᠲᠦᠮᠡᠨ ᠲᠣᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠶ ᠪᠠᠷ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠪᠣᠭᠤᠮᠲᠠ ᠶᠢᠨ ᠭᠠᠶᠢᠯᠢ ᠶᠢ ᠮᠢᠩᠭᠠᠨ ᠲᠦᠮᠡ ᠰᠢᠬᠠᠮ ᠲᠥᠭᠦᠷᠢᠭ ᠬᠠᠰᠤᠵᠤ ᠬᠡᠯᠲᠦᠷᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠥᠷᠢᠰᠦᠯᠳᠦᠬᠦ ᠬᠦᠴᠦᠨ ᠢ ᠶᠡᠭᠡ ᠪᠠᠷ ᠲᠡᠭᠡᠭᠰᠢᠯᠡᠭᠦᠯᠪᠠ᠃
   ᠡᠨᠡ ᠬᠡᠳᠦᠨ ᠡᠳᠦᠷ᠂ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠠᠭ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ ᠲᠥᠰᠥᠯ ᠢ ᠬᠢᠨᠠᠨ ᠪᠠᠶᠢᠴᠠᠭᠠᠬᠤ ᠨᠠᠷᠢᠨ ᠵᠦᠢᠯᠡᠰ ᠤᠨ ᠵᠢᠷᠤᠭ ᠲᠥᠯᠥᠪᠯᠡᠭᠡ ᠬᠢᠵᠦ ᠪᠤᠢ᠃ 11 ᠰᠠᠷ᠎ᠠ ᠶᠢᠨ 12 ᠤᠨ ᠡᠳᠦᠷ᠂ ᠠᠵᠤ ᠠᠬᠤᠶᠢᠯᠠᠯ ᠤᠳ ᠠᠩᠭ᠍ᠯᠢ ᠶᠢᠨ ᠪᠠᠷᠢᠮᠵᠢᠶ᠎ᠠ ᠨᠡᠶᠢᠭᠡᠮᠯᠢᠭ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠨᠣᠭᠤᠭᠠᠨ ᠴᠠᠬᠢᠯᠭᠠᠨ ᠤ ᠣᠯᠠᠨ ᠤᠯᠤᠰ ᠤᠨ ᠭᠡᠷᠡᠴᠢᠯᠡᠯ ᠤᠨ ᠬᠦᠯᠡᠮᠵᠢ ᠶᠢᠨ ᠬᠡᠢ ᠪᠡᠶᠡᠲᠦ ᠶᠢ ᠬᠢᠨᠠᠨ ᠪᠠᠶᠢᠴᠠᠭᠠᠭᠰᠠᠨ ᠦᠨᠡᠮᠯᠡᠯ ᠢ ᠣᠯᠣᠭᠰᠠᠨ ᠪᠠᠶᠢᠨ᠎ᠠ᠃
    ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠸᠧᠢ ᠹᠧᠩ  ᠭᠡᠷᠡᠯ ᠴᠡᠨᠡᠭ ᠤᠨ ᠪᠦᠲᠦᠭᠡᠭᠳᠡᠬᠦᠨ ᠤ 60% ᠠᠴᠠ 70%  ᠢ ᠨᠢ ᠪᠦᠷ ᠭᠠᠳᠠᠭᠠᠳᠤ ᠳᠤ ᠭᠠᠷᠭᠠᠨ᠎ᠠ᠂ ᠡᠨᠡ ᠪᠣᠯ ᠪᠣᠬᠢᠷᠲᠤᠯ ᠦᠭᠡᠢ ︽ᠨᠡᠪᠲᠡᠷᠡᠬᠦ ᠦᠨᠡᠮᠯᠡᠯ︾ ᠭᠡᠵᠦ ᠬᠡᠯᠡᠵᠦ ᠪᠣᠯᠣᠨ᠎ᠠ᠂ ᠮᠠᠨ ᠤ ᠪᠦᠲᠦᠭᠡᠭᠳᠡᠬᠦᠨ ᠭᠠᠳᠠᠭᠠᠳᠤ ᠳᠤ ᠭᠠᠷᠴᠤ᠂ ᠠᠷᠠᠯᠵᠢᠶᠠᠨ ᠤ ᠪᠠᠬᠢᠯᠡᠯᠲᠡ ᠶᠢ ᠡᠪᠳᠡᠵᠦ᠂ ᠠᠷᠠᠯᠵᠢᠶᠠᠨ ᠤ ᠪᠠᠬᠢᠯᠡᠯᠲᠡ ᠠᠴᠠ ᠵᠠᠶᠢᠯᠠᠵᠤ᠂ ᠢᠳᠡᠪᠬᠢᠲᠡᠢ ᠦᠢᠯᠡᠳᠦᠯ ᠦᠵᠡᠭᠦᠯᠵᠡᠢ ᠭᠡᠪᠡ᠃
   ᠨᠡᠭᠦᠷᠡᠰᠦᠲᠥ᠋ᠷᠥᠭᠴᠢ ᠶᠢᠨ ᠤᠯᠠ ᠮᠥᠷ ᠪᠣᠯ ᠦᠢᠯᠡᠳᠬᠦᠨ ᠤ ᠪᠦᠬᠦ᠋ᠢᠯᠡ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠪᠤᠢ ᠪᠣᠯᠤᠭᠰᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠦᠢᠯᠡᠳᠬᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠪᠰᠢᠨ ᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠪᠣᠯᠣᠨ᠎ᠠ᠃ ᠤᠯᠤᠰ ᠤᠨ ᠠᠩᠬᠠᠳᠠᠭᠴᠢ ᠪᠦᠯᠦᠭ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠬᠦ ᠲᠤᠷᠰᠢᠯᠲᠠ ᠶᠢᠨ ᠴᠢᠭ᠋ ᠪᠣᠯᠬᠤ ᠬᠤᠲᠠ ᠪᠣᠯᠤᠭᠰᠠᠨ ᠤ ᠬᠤᠪᠢ ᠳᠤ᠂ ᠪᠤᠭᠤᠲᠤ ᠬᠤᠲᠠ ᠶᠢᠨ ᠬᠢᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠲᠦᠷᠭᠡᠳᠬᠡᠨ ᠠᠬᠢᠭᠤᠯᠪᠠ᠃ ᠡᠨᠡ ᠵᠢᠯ᠂ ᠪᠤᠭᠤᠲᠤ ᠬᠤᠲᠠ ᠨᠢ ᠠᠩᠭ᠍ᠯᠢ ᠶᠢᠨ ᠪᠠᠷᠢᠮᠵᠢᠶ᠎ᠠ ᠶᠢᠨ ᠨᠡᠶᠢᠭᠡᠮᠯᠢᠭ ᠲᠠᠢ ᠬᠠᠮᠲᠤᠷᠠᠯᠴᠠᠵᠤ᠂ ᠣᠯᠠᠨ ᠤᠯᠤᠰ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠭᠡᠷᠡᠴᠢᠯᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢᠨ ᠬᠥᠮᠥᠷᠭᠡ ᠶᠢᠨ 120 ᠠᠵᠤ ᠠᠬᠤᠶᠢᠯᠠᠯ ᠳᠤ ᠠᠯᠬᠤᠮ ᠠᠯᠬᠤᠮ ᠢᠶᠠᠷ ᠣᠷᠣᠭᠤᠯᠬᠤ ᠪᠠᠷ ᠲᠥᠯᠥᠪᠯᠡᠵᠦ ᠪᠣᠶ᠃ 1 ᠠᠴᠠ 10 ᠰᠠᠷ᠎ᠠ ᠪᠣᠯᠲᠠᠯ᠎ᠠ᠂ ᠪᠤᠭᠤᠲᠤ ᠬᠤᠳᠠ ᠶᠢᠨ ᠪᠦᠬᠦ ᠨᠡᠶᠢᠭᠡᠮ ᠤᠨ ᠪᠣᠬᠢᠷᠲᠤᠯ ᠦᠭᠡᠢ ᠴᠠᠬᠢᠯᠭᠠᠨ ᠤ ᠬᠡᠮᠵᠢᠶ᠎ᠡ 30% ᠰᠢᠬᠠᠮ ᠳᠤ ᠬᠦᠷᠴᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠤ ᠳ᠋ᠦᠩᠨᠡᠨ ᠪᠤᠳᠤᠭᠰᠠᠨ ᠬᠡᠮᠵᠢᠶ᠎ᠡ 284 ᠳ᠋ᠦᠩᠰᠢᠭᠤᠷ ᠺᠢᠯᠣᠸᠠᠲ ᠴᠠᠭ ᠲᠤ ᠬᠦᠷᠴᠡᠢ᠃
    ᠪᠤᠭᠤᠲᠤ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠧᠩ ᠢ  ᠡᠨᠡ ᠵᠢᠯ ᠤᠨ ᠰᠡᠭᠦᠯᠴᠢ ᠶᠢᠨ ᠪᠣᠬᠢᠷᠲᠤᠯ ᠦᠭᠡᠢ ᠴᠠᠬᠢᠯᠭᠠᠨ ᠤ ᠭᠡᠷᠡᠴᠢᠯᠡᠯ ᠤᠨ ᠬᠡᠮᠵᠢᠶ᠎ᠡ ᠪᠠᠷᠤᠭ 100 ᠳ᠋ᠦᠩᠰᠢᠭᠤᠷ ᠺᠢᠯᠣᠸᠠᠲ ᠴᠠᠭ ᠣᠷᠴᠢᠮ ᠳᠤ ᠬᠦᠷᠴᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 200 ᠲᠦᠮᠡᠨ ᠲᠣᠨ ᠬᠢᠨᠠᠨ ᠪᠠᠭᠠᠰᠬᠠᠵᠤ᠂ ᠵᠢᠱᠢᠯᠲᠡ ᠪᠠᠷ ᠠᠵᠤ ᠠᠬᠤᠶᠢᠯᠠᠯ ᠳᠤ ᠨᠡᠭᠦᠷᠡᠰᠦᠲᠥ᠋ᠷᠥᠭᠴᠢ ᠶᠢᠨ ᠪᠣᠭᠤᠮᠲᠠ ᠶᠢᠨ ᠭᠠᠶᠢᠯᠢ ᠶᠢᠨ ᠪᠠᠬᠢᠯᠡᠯᠲᠡ ᠶᠢᠨ ᠪᠡᠯᠡ ᠮᠥᠩᠭᠦ ᠶᠢ ᠰᠢᠭᠤᠳ ᠪᠤᠶᠤ ᠲᠠᠮ ᠢᠶᠠᠷ ᠬᠠᠰᠤᠵᠤ ᠬᠡᠯᠲᠦᠷᠢᠭᠦᠯᠬᠦ ᠳᠤ ᠪᠠᠷᠤᠭ 2.5 ᠳ᠋ᠦᠩᠰᠢᠭᠤᠷ ᠡᠸᠦ᠋ᠷᠦᠫᠡ ᠵᠣᠭᠤᠰ ᠥᠭᠬᠦ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号