ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠡᠵᠢᠭᠡᠨ ᠦᠷᠡᠵᠢᠭᠦᠯᠬᠦ | ᠡᠷᠦᠬᠡ ᠶᠢᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠯᠠᠨᠪᠤᠯᠠᠭ ᠪᠠᠯᠭᠠᠰᠤᠨ ᠤ | ᠬᠤᠩ ᠴᠢ ᠨᠡᠶᠢᠭᠡᠮ ᠲᠣᠭᠤᠷᠢᠭ ᠠᠴᠠ ᠬᠠᠷᠢᠶᠠᠲᠤ ᠣᠷᠣᠨ ᠤ ᠲᠡᠵᠢᠭᠡᠨ ᠦᠷᠡᠵᠢᠭᠦᠯᠬᠦ ᠡᠷᠦᠬᠡ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠬᠡᠷᠡᠮ︾ ᠢ | ᠪᠠᠲᠤ ᠴᠣᠭᠴᠠᠯᠠᠪᠠ᠃ | 12 ᠰᠠᠷ᠎ᠠ ᠶᠢᠨ 17 ᠤ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠲᠣᠰᠬᠤᠨ ᠳᠤ | ᠭᠦᠨᠵᠡᠭᠡᠶᠢᠷᠡᠨ᠂ ᠲᠡᠵᠢᠭᠡᠨ ᠦᠷᠡᠵᠢᠭᠦᠯᠬᠦ ᠡᠷᠦᠬᠡ ᠶᠢᠨ ᠮᠠᠯᠵᠢᠯ ᠤᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ | ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠬᠢᠪᠠ᠃ ᠰᠦᠯᠵᠢᠶᠡᠨ ᠤ ᠠᠵᠢᠯᠲᠠᠨ ︽ᠪᠤᠭᠤᠲᠤ ᠬᠤᠲᠠ ᠶᠢᠨ | ᠪᠡᠯᠴᠢᠭᠡᠷᠯᠡᠭᠦᠯᠬᠦ ᠶᠢ ᠴᠠᠭᠠᠵᠠᠯᠠᠵᠤ ᠵᠠᠰᠠᠨ ᠰᠡᠯᠪᠢᠬᠦ ᠲᠦᠷᠢᠮ︾ ᠤᠨ ᠵᠠᠩᠭᠢᠯᠠᠭ᠎ᠠ ᠶᠢᠨ ᠠᠭᠤᠯᠭ᠎ᠠ ᠶᠢ ᠲᠡᠵᠢᠭᠡᠨ | ᠦᠷᠡᠵᠢᠭᠦᠯᠬᠦ ᠡᠷᠦᠬᠡ ᠳᠤ ᠲᠠᠶᠢᠯᠤᠮᠵᠢ ᠬᠢᠵᠦ᠂ ᠢᠯᠠᠩᠭᠤᠶ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠴᠢᠬᠤᠯᠠ | ᠶᠡᠭᠡ ᠠᠴᠢ ᠬᠤᠯᠪᠣᠭᠳᠠᠯ᠂ ᠰᠢᠳᠬᠡᠨ ᠲᠣᠷᠭᠠᠬᠤ ᠪᠠᠷᠢᠮᠵᠢᠶ᠎ᠠ᠂ ᠲᠥᠷᠥ ᠶᠢᠨ ᠪᠣᠳᠣᠯᠭ᠎ᠠ ᠶᠢ ᠲᠡᠵᠢᠭᠡᠨ ᠦᠷᠡᠵᠢᠭᠦᠯᠬᠦ | ᠡᠷᠦᠬᠡ ᠳᠤ ᠲᠣᠳᠣᠷᠬᠠᠶ ᠶᠠᠷᠢᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠥᠷᠨᠢᠭᠦᠯᠬᠦ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠮᠡᠳᠡᠷᠡᠭᠦᠯᠪᠡ᠃ | ᠡᠭᠦᠨ ᠤ ᠬᠠᠮᠲᠤ᠂ ᠲᠡᠵᠢᠭᠡᠨ ᠦᠷᠡᠵᠢᠭᠦᠯᠬᠦ ᠡᠷᠦᠬᠡ ᠶᠢᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ | ᠠᠵᠢᠯᠲᠠᠳ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠪᠡ᠃ ᠣᠳᠣᠬᠠᠨ ᠪᠣᠯᠲᠠᠯ᠎ᠠ᠂ ᠭᠤᠤᠯᠳᠠᠯᠭ᠎ᠠ ᠲᠠᠢ | ᠬᠥᠮᠦᠰ ᠲᠤ ᠴᠢᠭᠯᠡᠭᠦᠯᠦᠨ ᠨᠢᠭᠡᠨᠲᠡ 30 ᠭᠠᠷᠤᠶ ᠡᠷᠦᠬᠡ ᠳᠤ ᠣᠷᠣᠵᠤ ᠤᠬᠠᠭᠤᠯᠭ᠎ᠠ ᠬᠢᠵᠡᠶ᠃ ᠡᠷᠦᠬᠡ ᠳᠤ | ᠣᠷᠣᠵᠤ ᠤᠬᠠᠭᠤᠯᠬᠤ ᠶᠢᠨ ᠬᠠᠮᠲᠤ᠂ ᠠᠵᠢᠯᠲᠠᠳ ᠪᠠᠰᠠ ᠸᠢᠴᠠᠲ ᠤᠨ ᠠᠵᠢᠯ ᠤᠨ ᠴᠤᠭᠯᠠᠷᠠᠯ᠂ ᠣᠯᠠᠨ | ᠨᠡᠶᠢᠲᠡ ᠶᠢᠨ ᠳ᠋ᠤᠭᠠᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠥᠷᠭᠡᠨ ᠢᠶᠠᠷ ᠤᠬᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠮᠡᠳᠡᠬᠦ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠪᠡ᠃ | ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠬᠦ ᠶᠢ ᠪᠠᠷᠢᠮᠲᠠᠯᠠᠵᠤ᠂ ᠤᠬᠠᠭᠤᠯᠭ᠎ᠠ ᠶᠢᠨ ᠬᠡᠪᠴᠢᠶ᠎ᠡ ᠶᠢ ᠨᠡᠩ ᠥᠷᠭᠡᠨ ᠳᠡᠯᠭᠡᠷ᠂ ᠲᠦᠷᠦ ᠶᠢᠨ ᠪᠤᠳᠤᠯᠭ᠎ᠠ | ᠬᠠᠤᠯᠢ ᠲᠣᠭᠲᠠᠭᠠᠯ ᠤᠨ ᠲᠠᠶᠢᠯᠤᠮᠵᠢ ᠶᠢ ᠨᠡᠩ ᠲᠣᠳᠣᠷᠬᠠᠢ ᠪᠣᠯᠭᠠᠬᠤ ᠪᠠᠷ ᠴᠢᠷᠮᠠᠶᠢᠵᠤ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠦᠨᠡᠨᠬᠦ ᠬᠠᠳᠠᠩᠰᠢᠭᠤᠯᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨᠬᠦ ᠲᠡᠵᠢᠭᠡᠨ ᠦᠷᠡᠵᠢᠭᠦᠯᠬᠦ ᠡᠷᠦᠬᠡ ᠶᠢᠨ ᠤᠬᠠᠮᠰᠠᠷᠲᠤ ᠠᠵᠢᠯᠯᠠᠭ᠎ᠠ | ᠪᠣᠯᠭᠠᠨ ᠬᠤᠪᠢᠷᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠰᠠᠶᠢᠲᠤᠷ ᠰᠠᠬᠢᠨ ᠬᠠᠮᠠᠭᠠᠯᠠᠨ᠎ᠠ᠃ | |