ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠡᠵᠡᠨ ᠥᠬᠡᠶ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠵᠦ ᠬᠤᠲᠠ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠴᠡᠪᠡᠷᠰᠢᠭᠦᠯᠪᠡ
ᠨᠡᠶᠢᠲᠡᠯᠡᠭᠰᠡᠨ ᠴᠠᠭ᠄
2024/12/19
   ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠭᠰᠠᠭᠠᠨ ᠪᠠᠶᠢᠴᠠᠭᠠᠬᠤ ᠳᠤᠮᠳᠠ ᠶᠡᠭᠡ ᠬᠡᠮᠵᠢᠶᠡᠨ ᠤ ᠡᠵᠡᠨ ᠥᠬᠡᠶ ᠬᠤᠭ ᠨᠣᠪᠰᠢ ᠣᠪᠣᠭᠠᠯᠠᠵᠤ ᠪᠠᠶᠢᠬᠤ ᠶᠢ ᠣᠯᠵᠤ ᠮᠡᠳᠡᠭᠡᠳ ᠳᠠᠷᠦ᠋ᠢᠬᠠᠨ ᠲᠥᠪᠯᠡᠷᠡᠭᠦᠯᠦᠨ ᠴᠡᠭᠴᠡᠯᠡᠨ ᠵᠠᠰᠠᠪᠠ᠃ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 9 ᠬᠥᠮᠦᠨ᠂ ᠠᠵᠢᠯᠴᠢᠨ 10 ᠬᠥᠮᠦᠨ᠂ ᠠᠴᠢᠶᠠᠯᠠᠬᠤ ᠮᠠᠰᠢᠨ 3 ᠰᠠᠭᠤᠷᠢ᠂ ᠪᠠᠷᠠᠭᠠᠨ ᠤ ᠲᠡᠷᠭᠡ 1 ᠰᠠᠤᠷᠢ ᠪᠠᠶᠢᠵᠤ᠂ ᠬᠠᠷᠢᠶ᠎ᠠ ᠣᠷᠣᠨ ᠤ ᠪᠠᠨ 18 ᠭᠠᠵᠠᠷ ᠤᠨ ᠡᠵᠡᠨ ᠥᠬᠡᠶ ᠠᠮᠢᠳᠤᠷᠠᠯ ᠤᠨ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠬᠦ ᠵᠢᠴᠢ ᠡᠷᠬᠢᠨ ᠲᠣᠭᠤᠷᠢᠨ ᠤ ᠲᠠᠯᠠᠪᠠᠶ ᠶᠢ ᠲᠡᠭᠰᠢᠯᠡᠬᠦ ᠠᠵᠢᠯ  ᠬᠢᠪᠡ᠃ ᠲᠣᠰ ᠤᠳᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠪᠠᠷ ᠳᠠᠮᠵᠢᠭᠤᠯᠤᠨ᠂ ᠭᠠᠵᠠᠷ ᠰᠢᠷᠣᠶ ᠶᠢᠨ ᠤᠤᠯ ᠳᠦᠷᠰᠦ ᠪᠠᠶᠢᠳᠠᠯ ᠢ ᠴᠠᠭ ᠲᠤᠬᠠᠶ ᠳᠤᠨᠢ ᠰᠡᠷᠭᠦᠭᠡᠵᠦ᠂ ᠬᠤᠲᠠ ᠶᠢᠨ ᠠᠷᠢᠭᠤᠨ ᠴᠡᠪᠡᠷ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠪᠠᠨ ᠢᠳᠡᠪᠬᠢᠲᠡᠶ ᠲᠡᠭᠦᠯᠳᠡᠷᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠨ᠎ᠡ ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠥᠷᠭᠡᠨ ᠣᠯᠠᠨ ᠬᠤᠲᠠ ᠶᠢᠨ ᠠᠷᠠᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠢᠨᠠᠯᠲᠠ ᠲᠠᠯᠪᠢᠬᠤ ᠳᠤ ᠢᠯᠡᠭᠦᠬᠡᠨ ᠣᠷᠣᠯᠴᠠᠵᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠣᠯᠠᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠶ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠤᠷᠢᠶᠠᠯᠠᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号