ᠤᠶᠢᠷ᠎ᠠ ᠳᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ | ᠬᠤᠲᠠ ᠶᠢᠨ 2023᠂ 2024 ᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ | ᠭᠦᠢᠴᠡᠳᠭᠡᠬᠦ ᠪᠠᠢᠭᠤᠯᠤᠮᠵᠢ ᠶᠢᠨ ᠢᠲᠡᠭᠡᠮᠵᠢ ᠶᠢᠨ ᠳᠡᠰ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠢᠲᠡᠯᠡᠵᠦ᠂ | ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 3 ᠲᠤᠰᠬᠠᠢ ᠠᠰᠢᠭ ᠤᠨ ᠣᠷᠣᠯᠠᠨ | ᠭᠦᠢᠴᠡᠳᠭᠡᠬᠦ ᠪᠠᠢᠭᠤᠯᠤᠮᠵᠢ A ᠳᠡᠰ ᠤᠨ ︵ᠰᠢᠯᠢᠳᠡᠭ︶ ᠢᠲᠡᠭᠡᠮᠵᠢ ᠶᠢᠨ ᠦᠨᠡᠯᠡᠯᠲᠡ ᠣᠯᠵᠤ᠂ ᠲᠤᠰ ᠲᠤᠰ | ᠥᠪᠥᠷ ᠮᠣᠩᠭᠤᠯ ᠤᠨ ᠵᠢᠩ ᠶᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠷᠦᠢ ᠵᠧ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠭᠡᠬᠦ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠬᠥᠬᠡᠬᠤᠲᠠ ᠶᠢᠨ ᠱᠧᠩ ᠯᠢᠶᠠᠨ ᠲᠤᠰᠬᠠᠢ ᠠᠰᠢᠭ ᠤᠨ ᠣᠷᠣᠯᠠᠨ ᠭᠦᠢᠴᠡᠳᠭᠡᠬᠦ ᠬᠡᠷᠡᠭ ᠡᠷᠬᠢᠯᠡᠬᠦ ᠭᠠᠵᠠᠷ | ︵ᠪᠤᠭᠤᠲᠤ ᠶᠢᠨ ᠬᠡᠷᠡᠭ ᠡᠷᠬᠢᠯᠡᠬᠦ ᠭᠠᠵᠠᠷ︶ ᠪᠣᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ | ᠭᠤᠤᠯᠳᠠᠭᠤ ᠲᠤᠰᠬᠠᠶ ᠠᠰᠢᠭ ᠤᠨ ᠪᠠᠶᠢᠴᠠᠭᠠᠨ ᠬᠠᠶᠢᠬᠤ ᠂ ᠲᠤᠰᠬᠠᠶ ᠠᠰᠢᠭ ᠢ ᠠᠭᠤᠳᠠᠯᠬᠤ᠂ ᠲᠤᠰᠬᠠᠶ ᠠᠰᠢᠭ ᠢ | ᠭᠤᠶᠤᠴᠢᠯᠠᠬᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠠᠳᠠᠯᠤᠯᠲᠠ ᠬᠢᠬᠦ︔ ᠲᠠᠸᠠᠷ ᠤᠨ ᠲᠡᠮᠳᠡᠭ ᠢ | ᠪᠠᠶᠢᠴᠠᠭᠠᠨ ᠯᠠᠪᠯᠠᠬᠤ᠂ ᠳᠠᠩᠰᠠᠯᠠᠭᠤᠯᠬᠤ᠂ ᠲᠠᠸᠠᠷ ᠤᠨ ᠲᠡᠮᠳᠡᠭ ᠢ ᠳᠠᠬᠢᠨ ᠬᠢᠨᠠᠬᠤ ᠵᠢᠴᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠤᠨ ᠪᠠᠶᠢᠭᠤᠯᠤᠯᠲᠠ ᠵᠡᠷᠭᠡ ᠠᠭᠤᠯᠭ᠎ᠠ ᠶᠢ ᠬᠠᠩᠭᠠᠵᠤ᠂ | ᠲᠡᠭᠦᠨ ᠤ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠨᠢ ᠲᠤᠰᠬᠠᠶ ᠠᠰᠢᠭ᠂ ᠲᠠᠸᠠᠷ ᠤᠨ ᠲᠡᠮᠳᠡᠭ ᠢ ᠭᠤᠶᠤᠴᠢᠯᠠᠭᠰᠠᠨ | ᠠᠮᠵᠢᠯᠲᠠ ᠣᠯᠬᠤ ᠨᠣᠷᠮ᠎ᠠ ᠳᠤ ᠰᠢᠭᠤᠳ ᠬᠤᠯᠪᠣᠭᠳᠠᠬᠤ ᠪᠣᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠣᠷᠣᠯᠠᠨ ᠭᠦᠢᠴᠡᠳᠭᠡᠬᠦ ᠪᠠᠢᠭᠤᠯᠤᠮᠵᠢ ᠶᠢᠨ ᠬᠢᠨᠠᠯᠲᠠ ᠪᠠ ᠬᠠᠮᠢᠶᠠᠷᠤᠯᠲᠠ ᠶᠢ ᠴᠢᠩᠭᠠᠳᠭᠠᠬᠤ ᠶᠢᠨ | ᠲᠥᠯᠥᠭᠡ᠂ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢ ᠪᠦᠬᠦ ᠥᠪᠡᠷᠲᠡᠭᠡᠨ ᠵᠠᠰᠠᠬᠤ | ᠣᠷᠣᠨ ᠳᠤ ᠤᠷᠢᠳᠠᠪᠡᠷ ︽ᠪᠤᠭᠤᠲᠤ ᠶᠢᠨ ᠬᠤᠪᠣᠷ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ | ᠬᠤᠯᠪᠣᠭᠠᠨ ᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠬᠤᠯᠪᠣᠭᠠᠨ ᠤ ᠨᠢᠭᠡᠴᠡ ᠳᠤ ᠣᠷᠣᠵᠤ ᠣᠷᠣᠯᠠᠨ | ᠭᠦᠢᠴᠡᠳᠭᠡᠬᠦ ᠪᠠᠢᠭᠤᠯᠤᠮᠵᠢ ᠳᠤ ᠴᠢᠩᠭ᠎ᠠ ᠬᠠᠮᠢᠶᠠᠷᠤᠯᠲᠠ ᠂ ᠬᠦᠷᠢᠶᠡᠯᠡᠩ ᠲᠣᠭᠤᠷᠢᠭ ᠤᠨ ᠠᠵᠤ ᠠᠬᠤᠢᠯᠠᠯ ᠳᠤ | ᠴᠢᠨᠠᠷ ᠰᠠᠢᠲᠠᠢ ᠣᠯᠠᠨ ᠳᠡᠰ ᠳᠠᠪᠬᠤᠷᠭ᠎ᠠ᠂ ᠣᠯᠠᠨ ᠡᠰᠢᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠣᠯᠠᠨ ᠨᠡᠢᠲᠡ ᠶᠢᠨ ᠦᠢᠯᠡᠴᠢᠯᠡᠭᠡ ᠶᠢ ᠬᠠᠩᠭᠠᠬᠤ ᠶᠢᠨ ᠲᠥᠯᠥᠭᠡ ᠶᠦᠮ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠬᠤ | ᠪᠣᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠶᠢ ᠪᠦᠲᠦᠮᠵᠢᠲᠡᠶ | ᠲᠤᠯᠭᠠᠭᠤᠷᠢᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠲᠠᠷᠠᠭᠠᠴᠢ ᠶᠢᠨ ᠠᠯᠬᠤᠮ ᠳᠤ᠂ ᠳᠡᠭᠡᠳᠦ ᠰᠢᠨ᠎ᠡ | ᠮᠡᠷᠭᠡᠵᠢᠯ ᠤᠨ ᠤᠷᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠲᠠᠸᠠᠷ ᠤᠨ ᠲᠡᠮᠳᠡᠭ᠂ ᠲᠤᠰᠬᠠᠢ ᠠᠰᠢᠭ ᠤᠨ ᠣᠷᠣᠯᠠᠨ | ᠭᠦᠢᠴᠡᠳᠬᠡᠬᠦ ᠪᠠᠶᠢᠭᠤᠯᠤᠮᠵᠢ ᠶᠢ ᠰᠢᠮᠳᠠᠭᠤᠯᠤᠨ ᠡᠵᠡᠩᠨᠡᠭᠦᠯᠵᠦ᠂ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠢᠷᠢ | ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯ ᠲᠥᠷᠥᠯ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ |