ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 1 - 11 ᠰᠠᠷ᠎ᠠ ᠳᠤ ᠬᠥᠩᠭᠡᠨ ᠴᠠᠭᠠᠨ ᠤ ᠠᠵᠤ ᠦᠢᠯᠡᠰ ᠤᠨ ᠦᠢᠯᠡᠳᠬᠦᠨ ᠤ ᠥᠷᠲᠡᠭ 282.6 ᠳ᠋ᠦᠩᠰᠢᠭᠤᠷ ᠲᠥᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/19
    1 - 11 ᠰᠠᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 12 ᠡᠷᠦᠬᠡ ᠬᠥᠩᠭᠡᠨ ᠴᠠᠭᠠᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 282.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃     1 - 11 ᠳ᠋ᠦ᠋ᠭᠡᠷ ᠰᠠᠷ᠎ᠠ ᠳᠤ᠂ ᠪᠥᠬᠦ ᠣᠷᠣᠨ ᠤ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠭᠠᠷᠤᠯᠲᠠ 78.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ︔ ᠬᠥᠩᠭᠡᠨ ᠴᠠᠭᠠᠨ ᠤ ᠪᠣᠯᠪᠠᠰᠤᠷᠠᠭᠤᠯᠬᠤ ᠠᠵᠤ ᠠᠬᠤᠶᠢᠯᠠᠯ ᠤᠨ ᠭᠠᠷᠤᠯᠲᠠ 77.9 ᠲᠦᠮᠡᠨ ᠲᠣᠨ ᠳᠤ ᠬᠦᠷᠴᠡᠶ︔ ᠬᠥᠩᠭᠡᠨ ᠴᠠᠭᠠᠨ ᠤ ᠢᠰᠦᠯ 888 ᠲᠦᠮᠡᠨ ᠲᠣᠨ᠂ ᠬᠥᠩᠭᠡᠨ ᠴᠠᠭᠠᠨ ᠤ ᠬᠠᠶᠢᠯᠤᠰᠢ ᠶᠢᠨ ᠪᠣᠺᠰ ᠤᠨ ᠭᠠᠷᠤᠯᠲᠠ 117 ᠲᠦᠮᠡᠨ ᠢᠵᠢ᠂ ᠴᠠᠬᠢᠯᠭᠠᠨ ᠳᠡᠭᠡᠰᠦ ᠶᠢᠨ ᠭᠠᠷᠤᠯᠲᠠ 499 ᠺᠢᠯᠤᠮᠧᠲ᠋ᠧᠷ᠂ ᠴᠠᠬᠢᠯᠭᠠᠨ ᠤᠲᠠᠰᠤᠨ ᠤ ᠭᠠᠷᠤᠯᠲᠠ 646 ᠲᠣᠨ ᠳᠤ ᠬᠦᠷᠴᠦ᠂ ᠪᠠᠶᠢᠳᠠᠯ ᠶᠡᠷᠦᠩᠬᠡᠶ ᠳᠡᠭᠡᠨ ᠰᠠᠶᠢᠵᠢᠷᠠᠪᠠ᠃    ᠳᠤᠷᠠᠳᠤᠭᠤᠰᠢᠲᠠᠶ ᠨᠢ ᠭᠡᠪᠡᠯ᠂ 11 ᠰᠠᠷ᠎ᠠ ᠳᠤ᠂ ᠬᠥᠬᠡᠮᠥ᠋ᠷᠡᠨ ᠤ ᠥᠩᠭᠡᠲᠦ ᠬᠥᠩᠭᠡᠨᠴᠠᠭᠠᠨ ᠤ ᠳᠤᠮᠳᠠᠴᠢ ᠦᠨ᠎ᠡ ᠨᠢ ᠲᠣᠨ ᠪᠦᠷᠢ ᠳᠡᠭᠡᠨ 20843 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10% ᠪᠠᠷ ᠳᠡᠭᠡᠭᠰᠢᠯᠡᠨ᠂ ᠠᠳᠠᠯᠢ ᠬᠤᠭᠤᠴᠠᠭᠠᠨ ᠤ ᠬᠢ ᠠᠴᠠ 0.5% ᠪᠠᠷ ᠳᠡᠭᠡᠭᠰᠢᠯᠡᠵᠦ᠂ ᠦᠨ᠎ᠡ ᠨᠢ ᠲᠣᠨ ᠪᠦᠷᠢ ᠳᠡᠭᠡᠨ ᠪᠠᠷᠤᠭ 100 ᠲᠥᠭᠦᠷᠢᠭ ᠳᠡᠭᠡᠭᠰᠢᠯᠡᠵᠦ᠂ ᠦᠢᠯᠡᠳᠬᠦᠨ ᠤ ᠥᠷᠲᠡᠭ ᠤᠨ ᠨᠡᠮᠡᠭᠳᠡᠯ ᠢ ᠬᠦᠴᠦᠲᠡᠶ ᠠᠬᠢᠭᠤᠯᠪᠠ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠩᠭᠡᠨᠴᠠᠭᠠᠨ ᠤ ᠠᠵᠤ ᠦᠢᠯᠡᠰ ᠤᠨ ᠬᠡᠯᠬᠢᠶ᠎ᠡ ᠨᠢ ᠨᠢᠭᠡᠨᠲᠡ ︽ᠨᠡᠭᠦᠷᠡᠰᠦ— ᠴᠠᠬᠢᠯᠭᠠᠨ— ᠴᠠᠬᠢᠯᠭᠠᠨ ᠵᠠᠳᠠᠯᠤᠯ ᠤᠨ ᠬᠦᠩᠭᠡᠨᠴᠠᠭᠠᠨ—ᠬᠦᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ — ᠳᠠᠬᠢᠨ ᠡᠭᠦᠰᠴᠦ ᠪᠣᠯᠬᠤ ᠬᠦᠩᠭᠡᠨᠴᠠᠭᠠᠨ ᠢ ᠡᠭᠡᠭᠦᠯᠦᠨ ᠬᠤᠷᠢᠶᠠᠵᠤ ᠠᠰᠢᠭᠯᠠᠬᠤ︾ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠳ᠋ᠦᠩ ᠹᠠᠩ ᠱᠢ ᠸᠠᠩ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠪᠠᠷ ᠲᠥᠯᠥᠭᠡᠯᠡᠭᠦᠯᠦᠭᠰᠡᠨ 12 ᠬᠥᠩᠭᠡᠨ ᠴᠠᠭᠠᠨ ᠵᠢᠴᠢ ᠬᠦᠩᠭᠡᠨᠴᠠᠭᠠᠨ ᠤ ᠳᠠᠷᠠᠭᠠᠬᠢ ᠭᠦᠨᠵᠡᠭᠡᠶ ᠡᠳ᠋ᠰᠢᠭᠦᠯᠦᠯᠲᠡ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠳᠠᠬᠢ ᠲᠥᠪᠯᠡᠷᠡᠯ ᠤᠨ ᠦᠢᠯᠡᠳᠦᠯ ᠨᠢ ᠨᠠᠩ ᠢᠯᠡᠷᠬᠡᠶ ᠪᠣᠯᠪᠠ᠃ ᠡᠲᠡᠭᠡᠷ ᠠᠵᠤ ᠠᠬᠤᠶᠢᠯᠠᠯ ᠤᠳ ᠭᠠᠵᠠᠷ ᠵᠦᠶ ᠶᠢᠨ ᠣᠷᠣᠨ ᠵᠠᠶ ᠶᠢᠨ ᠲᠠᠯ᠎ᠠ ᠪᠠᠷ ᠨᠢᠭᠲᠠ ᠬᠥᠷᠰᠢ ᠪᠠᠶᠢᠵᠤ᠂ ᠠᠵᠤ ᠠᠬᠤᠶᠢᠯᠠᠯ ᠤᠨ ᠬᠤᠭᠤᠷᠣᠨᠳᠣᠬᠢ ᠮᠡᠷᠭᠡᠵᠢᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠯ ᠤᠨ ᠬᠠᠮᠵᠢᠯᠴᠠᠭ᠎ᠠ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠬᠢ ᠭᠦᠨᠵᠡᠭᠡᠶ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠎ᠠ᠃ ᠠᠵᠤ ᠠᠬᠤᠶᠢᠯᠠᠯ ᠤᠳ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠠᠮᠲᠤᠷᠠᠨ ᠥᠷᠨᠢᠭᠦᠯᠬᠦ ᠪᠠᠷ ᠳᠠᠮᠵᠢᠭᠤᠯᠤᠨ᠂ ᠠᠵᠢᠯ ᠲᠥᠷᠥᠯ ᠤᠨ ᠳᠣᠲᠣᠷᠠᠬᠢ ᠨᠡᠶᠢᠲᠡᠯᠢᠭ ᠴᠢᠨᠠᠷᠲᠠᠶ ᠮᠡᠷᠭᠡᠵᠢᠯ ᠤᠨ ᠬᠦᠴᠢᠷ ᠠᠰᠠᠭᠤᠳᠠᠯ ᠢ ᠬᠠᠮᠲᠤ ᠪᠠᠷ ᠰᠢᠪᠲᠤᠯᠵᠤ᠂ ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ ᠢ ᠪᠥᠬᠦ ᠠᠵᠤ ᠦᠢᠯᠡᠰ ᠤᠨ ᠬᠡᠯᠬᠢᠶ᠎ᠡ ᠳᠤ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ᠦᠢᠯᠡᠳᠪᠦᠷᠢᠯᠡᠯ ᠬᠠᠮᠵᠢᠯᠴᠠᠭᠠᠨ ᠤ ᠲᠠᠯ᠎ᠠ ᠪᠠᠷ᠂ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠦᠨᠳᠦᠰᠦᠯᠡᠨ᠂ ᠦᠢᠯᠡᠳᠪᠦᠷᠢᠯᠡᠯ ᠤᠨ ᠲᠥᠯᠥᠪᠯᠡᠭᠡ ᠪᠠ ᠦᠢᠯᠡᠳᠬᠦᠨ ᠤ ᠨᠠᠷᠢᠨ ᠲᠠᠩᠰᠠ ᠶᠢ ᠲᠦᠷᠭᠡᠨ ᠳᠣᠭᠢᠷᠠᠭᠤᠯᠵᠤ᠂ ᠤᠶᠠᠨ ᠬᠠᠲᠠᠨ ᠦᠢᠯᠡᠳᠪᠦᠷᠢᠯᠡᠯ ᠪᠠ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠪᠡᠶᠡᠯᠡᠭᠦᠯᠦᠨ᠎ᠡ᠃    ᠳᠡᠭᠡᠳᠦ ᠤᠷᠤᠰᠬᠠᠯ ᠤᠨ ᠬᠠᠩᠭᠠᠯᠭ᠎ᠠ ᠶᠢ ᠪᠠᠲᠤᠯᠠᠬᠤ᠂ ᠳᠤᠮᠳᠠ ᠤᠷᠤᠰᠬᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠂ ᠳᠣᠣᠷᠠᠳᠤ ᠤᠷᠤᠰᠬᠠᠯ ᠤᠨ ᠬᠡᠷᠡᠭᠯᠡᠭᠡᠨ ᠢ ᠥᠷᠭᠡᠳᠬᠡᠬᠦ ᠪᠠ ᠳᠠᠬᠢᠯᠲᠠ ᠬᠥᠩᠭᠡᠨ ᠴᠠᠭᠠᠨ ᠤ ᠡᠷᠭᠢᠯᠲᠡ ᠶᠢ ᠠᠬᠢᠭᠤᠯᠬᠤ ᠳᠡᠭᠡᠳᠦ ᠳᠣᠣᠷᠠᠳᠤ ᠤᠷᠤᠰᠬᠠᠯ ᠤᠨ ᠬᠠᠮᠵᠢᠯᠴᠠᠬᠤ ᠪᠠᠶᠢᠷᠢᠰᠢᠯ ᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠢᠭᠡᠨᠲᠡ ᠦᠨᠳᠦᠰᠦᠨ ᠳᠤ ᠪᠠᠨ ᠪᠦᠷᠢᠯᠳᠦᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号