1-10 ᠰᠠᠷ᠎ᠠ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠡᠰ ᠤᠨ ᠠᠵᠤ ᠦᠢᠯᠡᠰ ᠤᠨ ᠦᠢᠯᠡᠳᠬᠦᠨ ᠤ ᠥᠷᠲᠡᠭ 130 ᠳ᠋ᠦᠩᠰᠢᠭᠤᠷ ᠲᠤ ᠬᠦᠷᠪᠡ
ᠨᠡᠶᠢᠲᠡᠯᠡᠭᠰᠡᠨ ᠴᠠᠭ᠄
2024/12/2
     1-10 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠡᠰ ᠤᠨ ᠠᠵᠤ ᠦᠢᠯᠡᠰ ᠤᠨ ᠦᠢᠯᠡᠳᠬᠦᠨ ᠤ ᠥᠷᠲᠡᠭ 130 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 24.8% ᠪᠠᠷ ᠨᠡᠮᠡᠭᠳᠡᠪᠡ᠃ ᠴᠠᠬᠢᠯᠭᠠᠨ ᠵᠠᠳᠠᠯᠤᠯ ᠤᠨ ᠵᠡᠰ ᠤᠨ ᠭᠠᠷᠤᠯᠲᠠ 3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠨᠡᠮᠡᠭᠳᠡᠪᠡ︔ ᠵᠡᠰ ᠰᠠᠪᠠᠭ᠎ᠠ᠂ ᠵᠡᠰ ᠤᠲᠠᠰᠤᠨ ᠤ ᠭᠠᠷᠤᠯᠲᠠ 5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ᠃
   ᠵᠧᠨ ᠰᠢᠶᠦ᠋ᠩ ᠵᠡᠰ ᠤᠨ ᠦᠢᠯᠡᠰ ᠤᠨ ᠦᠢᠯᠡᠳᠪᠦᠷᠢᠯᠡᠭᠰᠡᠨ ᠵᠡᠰ ᠤᠲᠠᠰᠤ ᠶᠢ ᠭᠡᠷᠡᠯ ᠴᠡᠨᠡᠭ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠭᠠᠷ ᠤᠨ ᠠᠶᠠᠯᠠᠯ ᠤᠨ ᠲᠦᠷᠭᠡᠨ ᠤ ᠲᠡᠮᠦᠷ ᠵᠠᠮ ᠵᠡᠷᠭᠡ ᠳᠡᠭᠡᠳᠦ ᠲᠡᠰ ᠤᠨ ᠡᠯᠧᠺᠲᠷᠣᠨ ᠤᠲᠠᠰᠤ ᠳᠡᠭᠡᠰᠦᠨ ᠤ ᠬᠦᠷᠢᠶᠡᠨ ᠳᠤ ᠥᠷᠭᠡᠨ ᠢᠶᠠᠷ ᠬᠡᠷᠡᠭᠯᠡᠵᠦ ᠪᠤᠢ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠪᠠ ᠳᠠᠪᠠᠭᠤᠯᠢᠭ ᠲᠠᠭᠠᠨ ᠰᠠᠭᠤᠷᠢᠯᠠᠵᠤ᠂ ᠳᠣᠲᠣᠭᠠᠳᠤ ᠪᠤᠶᠢᠵᠢᠯᠲᠠ ᠶᠢ ᠴᠢᠩᠭᠠᠷᠠᠭᠤᠯᠬᠤ ᠶᠢ ᠪᠠᠷᠢᠮᠲᠠᠯᠠᠵᠤ᠂ ᠵᠡᠰ ᠤᠨ ᠠᠵᠤ ᠦᠢᠯᠡᠰ ᠤᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠪᠣᠯᠣᠨ ᠲᠣᠪᠣᠶᠢᠮ᠎ᠠ ᠳᠠᠪᠠᠭᠤᠯᠢᠭ ᠲᠠᠢ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ︱ ᠬᠤᠸᠠ ᠳ᠋ᠢᠩ ᠵᠡᠰ ᠤᠨ ᠦᠢᠯᠡᠰ ᠪᠣᠯᠣᠨ ᠵᠧᠨ ᠰᠢᠶᠦ᠋ᠩ ᠵᠡᠰ ᠤᠨ ᠦᠢᠯᠡᠰ ᠢ ᠴᠢᠩᠭ᠎ᠠ ᠠᠩᠬᠠᠷᠴᠤ᠂ ᠲᠡᠳᠡᠨ ᠤ ᠦᠢᠯᠡᠳᠪᠦᠷᠢᠯᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠬᠠᠩᠭᠠᠯᠭ᠎ᠠ ᠶᠢᠨ ᠪᠦᠲᠦᠴᠡ ᠶᠢᠨ ᠲᠡᠩᠴᠡᠭᠦᠷᠢ ᠶᠢ ᠪᠡᠶᠡᠯᠡᠭᠦᠯᠦᠨ᠂ ︽ᠪᠦᠳᠦᠭᠦᠯᠢᠭ ᠵᠡᠰ ︱ ᠴᠠᠬᠢᠯᠭᠠᠨ ᠵᠠᠳᠠᠯᠤᠯ ᠤᠨ ᠵᠡᠰ ︱ ᠵᠡᠰ ᠮᠠᠲ᠋ᠧᠷᠢᠶᠠᠯ ︱ ᠵᠡᠰ ᠳᠠᠮᠵᠢᠭᠤᠯᠤᠭᠴᠢ ᠶᠢᠨ ᠰᠢᠨ᠎ᠡ ᠮᠠᠲ᠋ᠧᠷᠢᠶᠠᠯ︾ ᠤᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠴᠢᠷᠮᠠᠶᠢᠨ ᠪᠡᠶᠡᠯᠡᠭᠦᠯᠦᠨ᠎ᠡ᠃
    ᠬᠤᠸᠠ ᠳ᠋ᠢᠩ ᠵᠡᠰ ᠤᠨ ᠦᠢᠯᠡᠰ ᠲᠤ ᠣᠳᠣ ᠨᠢᠭᠡᠨᠲᠡ ︽ᠠᠭᠤᠷᠬᠠᠢ ᠶᠢᠨ ᠭᠠᠷᠤᠯᠲᠠ ︱ᠠᠷᠭ᠎ᠠ ᠲᠤᠶᠢᠯ ᠤᠨ ᠵᠡᠰ ︱ ᠴᠠᠬᠢᠯᠭᠠᠨ ᠵᠠᠳᠠᠯᠤᠯ ᠤᠨ ᠵᠡᠰ  ︱ᠵᠡᠰ ᠳᠠᠮᠵᠢᠭᠤᠯᠤᠭᠴᠢ︾ ︽ᠠᠭᠤᠷᠬᠠᠢ ᠶᠢᠨ ᠭᠠᠷᠤᠯᠲᠠ ︱ᠬᠦᠬᠦᠷ ᠤᠨ ᠳᠠᠪᠬᠤᠷ ᠢᠰᠦᠯ ᡺ ᠬᠦᠬᠦᠷ ᠬᠦᠴᠢᠯ︾ ︽ᠠᠭᠤᠷᠬᠠᠢ ᠶᠢᠨ ᠭᠠᠷᠤᠯᠲᠠ ︱ᠠᠷᠭ᠎ᠠ ᠲᠤᠶᠢᠯ ᠤᠨ ᠵᠡᠰ ︱ᠬᠠᠶᠢᠯᠤᠭᠤᠯᠤᠭᠰᠠᠨ ᠰᠢᠭᠠᠷᠤ ︱ᠳᠠᠬᠢᠨ ᠰᠣᠩᠭᠤᠵᠤ ᠬᠤᠷᠢᠶᠠᠨ ᠠᠪᠬᠤ︾ ᠵᠡᠷᠭᠡ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠤᠶ ᠪᠣᠯᠵᠠᠢ᠃    ᠵᠡᠰ ᠤᠨ ᠠᠵᠤ ᠦᠢᠯᠡᠰ ᠪᠣᠯ ᠥᠨᠳᠥᠷ ᠥᠰᠦᠯᠲᠡ ᠶᠢᠨ ᠴᠢᠨᠠᠷ ᠲᠠᠢ ᠠᠵᠤ ᠦᠢᠯᠡᠰ ᠪᠣᠯᠣᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠵᠡᠰ ᠤᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠭᠤᠣᠯᠳᠠᠯᠭ᠎ᠠ ᠲᠠᠢ ᠪᠠᠷ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠴᠠᠬᠢᠯᠭᠠᠨ ᠮᠠᠰᠢᠨ ᠤ ᠤᠲᠠᠰᠤ ᠳᠡᠭᠡᠰᠦ᠂ ᠮᠠᠰᠢᠨ ᠲᠡᠷᠭᠡᠨ ᠤ ᠬᠡᠷᠡᠭᠯᠡᠭᠡᠨ ᠤ ᠤᠲᠠᠰᠤᠨ ᠤ ᠪᠠᠭᠴᠠ᠂ ᠵᠡᠰ ᠴᠠᠭᠠᠰᠤ ᠵᠡᠷᠭᠡ ᠳᠣᠣᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠢ ᠣᠷᠣᠭᠤᠯᠤᠨ ᠠᠪᠴᠢᠷᠠᠵᠤ᠂ ᠪᠦᠬᠦ ᠬᠤᠳᠠ ᠶᠢᠨ ᠪᠦᠬᠦ ᠤᠯᠤᠰ ᠲᠤ ᠴᠢᠬᠤᠯᠠ ᠨᠥᠯᠥᠭᠡᠯᠡᠬᠦ ᠬᠦᠴᠦᠨ ᠲᠠᠢ ᠲᠡᠷᠢᠭᠦᠨ ᠤ ᠵᠡᠰ ᠤᠨ ᠰᠠᠭᠤᠷᠢ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠳᠤ ᠬᠦᠴᠦ ᠨᠡᠮᠡᠷᠢᠯᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号