ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠵᠢᠯ ᠣᠯᠭᠤᠬᠤ ᠦᠢᠯᠡᠴᠢᠯᠡᠭᠡ ᠰᠡᠳᠭᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/12/24
      ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 12 ᠰᠠᠷ᠎ᠠ ᠶᠢᠨ 23 ᠤ ᠡᠳᠦᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠪᠠᠶᠢᠭᠤᠯᠭ᠎ᠠ ᠶᠢᠨ ᠲᠠᠪᠤᠳᠤᠭᠠᠷ ᠨᠠᠮ ᠤᠨ ᠡᠭᠦᠷ ᠥᠪᠥᠷ ᠮᠣᠩᠭᠤᠯ ᠤᠨ ᠪᠠᠷᠠᠭᠤᠨ ᠣᠷᠣᠨ ᠤ ᠴᠢᠳᠠᠪᠤᠷᠢᠲᠠᠨ ︵ᠪᠦᠯᠦᠭᠯᠡᠯ︶ ᠤ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ᠂ ᠤᠯᠠᠭᠠᠨᠴᠠᠪ  ᠬᠤᠲᠠ ᠶᠢᠨ ᠭᠠᠳᠠᠭᠰᠢ ᠭᠠᠷᠤᠭᠰᠠᠳ ᠤᠨ ᠪᠤᠭᠤᠲᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠢᠭᠡᠳᠦᠭᠡᠷ ᠨᠠᠮ ᠤᠨ ᠡᠭᠦᠷ᠂ ᠫᠦ᠋ ᠹᠠ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ ᠨᠠᠮ ᠤᠨ ᠡᠭᠦᠷ ᠲᠠᠢ ᠬᠠᠮᠲᠤᠷᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ  ᠠᠵᠢᠯᠯᠠᠭ᠎ᠠ ᠥᠷᠨᠢᠭᠦᠯᠪᠡ᠃ ᠡᠯ᠎ᠡ ᠨᠠᠮ ᠤᠨ ᠡᠭᠦᠷ ᠤᠨ 45 ᠨᠠᠮ ᠤᠨ ᠭᠡᠰᠢᠭᠦᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠵᠤ᠂ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠵᠤ᠂ ᠲᠤᠬᠠᠢ ᠶᠢᠨ ᠲᠠᠯᠠᠪᠠᠢ ᠳᠤ 150 ᠭᠠᠷᠤᠢ ᠬᠥᠮᠦᠨ ᠣᠷᠣᠯᠴᠠᠪᠠ᠃       ᠲᠤᠬᠠᠶ ᠶᠢᠨ ᠲᠠᠯᠠᠪᠤᠷ ᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠣᠷᠣᠨ ᠪᠦᠰᠡ ᠲᠤᠬᠢᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠬᠢᠵᠦ ᠪᠠᠶᠢᠭ᠎ᠠ ᠨᠠᠮ ᠤᠨ ᠭᠡᠰᠢᠭᠦᠳ ᠰᠤᠯᠠ ᠠᠵᠢᠯᠲᠠᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠲᠤᠬᠠᠶ ᠶᠢᠨ ᠲᠠᠯᠠᠪᠤᠷ ᠲᠤ ᠡᠯ᠎ᠡ ᠲᠥᠷᠥᠯ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠵᠢᠯᠯᠠᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠲᠣᠬᠢᠷᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ᠂ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃     ᠠᠵᠢᠯᠯᠠᠭ᠎ᠠ ᠶᠢᠨ ᠡᠴᠦᠰ ᠲᠤ᠂ ᠫᠦ᠋ ᠹᠠ ᠪᠠᠩᠬᠢ 40 ᠨᠡᠷᠡᠰ  ᠰᠤᠯᠠ  ᠠᠵᠢᠯ ᠬᠢᠭᠰᠡᠳ ᠲᠤ ᠲᠤᠲᠤᠷᠭ᠎ᠠ᠂ ᠢᠳᠡᠰᠢᠨ ᠲᠣᠰᠣ ᠵᠡᠷᠭᠡ ᠲᠣᠬᠤᠨᠢᠭᠤᠯᠬᠤ ᠪᠣᠳᠠᠰ ᠲᠠᠷᠬᠠᠭᠠᠵᠤ᠂ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠲᠡᠳᠡᠨ ᠤ ᠰᠢᠷᠭᠠᠭᠤ ᠴᠢᠷᠮᠠᠶᠢᠯᠭ᠎ᠠ ᠶᠢ ᠨᠤᠲᠠᠯᠠᠵᠤ᠂ ᠲᠡᠳᠡᠨ ᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠡᠳᠦᠷ ᠤᠨ ᠠᠵᠢᠯᠴᠢᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢ ᠵᠣᠷᠢᠭᠵᠢᠭᠤᠯᠪᠠ᠃ ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠵᠢᠷᠤᠮᠵᠢᠭᠤᠯᠬᠤ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ᠦᠢᠯᠡᠴᠢᠯᠡᠭᠡ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号