2024 ᠣᠨ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠬᠡᠷᠡᠭ | ᠶᠠᠪᠤᠳᠠᠯ ᠤᠨ ᠲᠣᠪᠴᠢᠶ᠎ᠠ ︵ᠠᠷᠠᠳ ᠤᠨ ᠶᠠᠪᠤᠳᠠᠯ︶ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ | ᠨᠡᠶᠢᠭᠡᠮ ᠤᠨ ᠬᠡᠷᠡᠭ ᠶᠠᠪᠤᠳᠠᠯ᠂ ᠨᠡᠶᠢᠭᠡᠮ ᠤᠨ ᠵᠠᠰᠠᠯᠲᠠ ᠶᠢᠨ ᠠᠵᠢᠯ ᠤᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠠᠷᠠᠳ ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠨᠡᠶᠢᠭᠡᠮ ᠠᠷᠠᠳ ᠤᠨ ᠠᠮᠢᠳᠤᠷᠠᠯ ᠤᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠮᠠᠨ ᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃ | | ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠬᠤ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠡᠶᠢᠲᠡ 12.8 ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠵᠤ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠪᠰᠤᠷᠤᠨ ᠲᠡᠳᠬᠦᠬᠦ ᠲᠥᠷᠥᠯ ᠵᠦᠢᠯ ᠢ | ᠥᠷᠨᠢᠭᠦᠯᠵᠦ᠂ ᠪᠤᠭᠤᠲᠤ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ᠂ ᠪᠤᠭᠤᠲᠤ | ᠬᠤᠲᠠ ᠶᠢᠨ ᠨᠠᠰᠤᠲᠠᠶᠢᠴᠤᠳ ᠢ ᠬᠠᠪᠰᠤᠷᠤᠨ ᠪᠠᠭᠤᠷᠠᠶ ᠶᠢ ᠲᠡᠳᠬᠦᠬᠦ ᠬᠠᠶᠢᠷ᠎ᠠ ᠬᠠᠯᠠᠮᠵᠢ ᠶᠢᠨ ᠲᠥᠪ ᠲᠠᠢ ᠬᠠᠮᠲᠤᠷᠠᠨ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠬᠦᠴᠢᠷᠳᠡᠯ ᠳᠤ ᠲᠤᠯᠭᠠᠷᠠᠭᠰᠠᠨ 64 | ᠬᠡᠤᠬᠡᠳ ᠲᠤ ᠬᠥᠪᠥᠩ ᠬᠤᠪᠴᠠᠰᠤ ᠣᠯᠭᠤᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠪᠠ | ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠪᠠᠷ ᠳᠠᠮᠵᠢᠭᠤᠯᠤᠨ ᠨᠠᠮ | ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ | | ᠤᠷᠤᠭ ᠤᠨ ᠪᠣᠯᠪᠠᠰᠤᠨ ᠰᠤᠷᠲᠠᠯ ᠢ ᠪᠣᠢ ᠪᠣᠯᠭᠠᠬᠤ | ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠤᠨ ᠡᠳᠦᠷ ︽ᠷᠣᠮᠠᠨᠲ᠋ᠢᠭ ᠳᠣᠯᠣᠭᠠᠨ ᠰᠠᠷ᠎ᠠ ᠶᠢᠨ ᠳᠣᠯᠣᠭᠠᠨ ᠤ | ᠦᠳᠡᠰᠢ · ᠬᠠᠶᠢᠷ᠎ᠠ ᠬᠠᠯᠠᠮᠵᠢ ᠪᠠᠷ ᠠᠶᠠᠯᠠᠯ ᠢᠶᠠᠨ ᠡᠬᠢᠯᠡᠭᠦᠯᠬᠦ︾ ᠭᠤᠣᠯ ᠰᠡᠳᠦᠪᠲᠦ ᠤᠷᠤᠭ ᠤᠨ ᠳᠡᠩᠰᠡᠯᠡᠯᠲᠡ ᠶᠢᠨ | ᠬᠠᠮᠲᠤ ᠶᠢᠨ ᠦᠨᠡᠮᠯᠡᠯ ᠣᠯᠭᠤᠬᠤ ᠶᠣᠰᠣᠯᠠᠯ ᠶᠠᠪᠤᠭᠤᠯᠵᠤ᠂ ᠥᠩᠭᠡᠷᠡᠭᠰᠡᠨ ᠤ ᠤᠷᠤᠭᠯᠠᠭᠰᠠᠨ ︽ ᠳᠠᠩᠰᠠᠯᠠᠨ | ᠲᠡᠮᠳᠡᠭᠯᠡᠬᠦ ᠶᠢ ᠬᠥᠩᠭᠡᠪᠴᠢᠯᠡᠵᠦ᠂ ᠬᠤᠷᠢᠮ ᠤᠨ ᠶᠣᠰᠣᠯᠠᠯ ᠢ ᠴᠢᠬᠤᠯᠠᠴᠢᠯᠠᠬᠤ︾ ᠬᠠᠭᠤᠴᠢᠨ ᠵᠠᠩ ᠳᠠᠳᠬᠠᠯ ᠢ | ᠬᠤᠪᠢᠷᠠᠭᠤᠯᠵᠤ᠂ ᠰᠢᠨ᠎ᠡ ᠬᠥᠮᠦᠨ ᠢ ᠬᠥᠲᠥᠯᠦᠨ ᠵᠢᠯᠣᠭᠤᠳᠴᠤ ᠪᠠᠶᠢᠭᠠᠳ ︽ ᠳᠠᠩᠰᠠᠯᠠᠨ ᠲᠡᠮᠳᠡᠭᠯᠡᠬᠦ ᠶᠢ | ᠴᠢᠬᠤᠯᠠᠴᠢᠯᠠᠵᠤ᠂ ᠠᠷᠪᠢᠯᠠᠨ ᠭᠠᠮᠨᠠᠬᠤ ᠢ ᠰᠠᠨᠠᠭᠠᠴᠢᠯᠠᠵᠤ︾ ᠪᠣᠯᠬᠤ ᠦᠵᠡᠯ ᠰᠠᠨᠠᠭ᠎ᠠ ᠣᠢᠯᠠᠭᠠᠭᠳᠠᠬᠤᠨ ᠲᠡᠶᠢᠰᠢ | ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠤᠷᠤᠭ ᠤᠨ ᠦᠵᠡᠯᠲᠡ ᠶᠢ ᠪᠣᠢ ᠪᠣᠯᠭᠠᠵᠤ᠂ ᠬᠤᠷᠢᠮ ᠤᠨ ᠵᠠᠩ | ᠵᠠᠩᠰᠢᠯᠤᠨ ᠥᠭᠡᠷᠡᠴᠢᠯᠡᠯᠲᠡ ᠶᠢ ᠠᠬᠢᠭᠤᠯᠤᠨ᠎ᠠ᠃ | | ᠨᠠᠷᠢᠯᠠᠭ ᠥᠭᠡᠷᠡᠴᠢᠯᠡᠯᠲᠡ ᠵᠢᠷᠭᠠᠯᠠᠩᠲᠤ ᠭᠡᠷ ᠪᠦᠯᠢ ᠶᠢ ᠭᠡᠷᠡᠴᠢᠯᠡᠨ᠎ᠠ | ᠬᠤᠲᠠ᠂ ᠤᠷᠤᠨ ᠤ ᠬᠤᠶᠠᠷ ᠱᠠᠲᠤᠨ ᠳᠤ ᠨᠡᠶᠢᠲᠡ 26 ᠲᠦᠮᠡᠨ ᠲᠥᠭᠦᠷᠢᠭ ᠤᠨ ᠪᠠᠯᠠ ᠮᠥᠩᠭᠦ | ᠣᠷᠣᠭᠤᠯᠵᠤ᠂ ᠮᠠᠨ ᠤ ᠤᠷᠤᠨ ᠤ ᠬᠡᠷ ᠲᠡᠭᠡᠨ ᠰᠠᠭᠤᠬᠤ ᠣᠷᠴᠢᠨ ᠲᠣᠭᠤᠷᠢᠨ ᠤ ᠵᠠᠩᠭᠢᠯᠠᠭ᠎ᠠ ᠶᠢᠨ ᠣᠷᠣᠨ ᠪᠦᠰᠡ | ᠪᠤᠶᠤ ᠣᠷᠣᠨ ᠪᠠᠶᠢᠷᠢ ᠳᠤ ᠨᠠᠰᠤᠲᠠᠳ ᠲᠤ ᠳᠣᠭᠢᠷᠠᠬᠤ᠂ ᠤᠶᠤᠨᠴᠢᠯᠠᠬᠤ ᠥᠭᠡᠷᠡᠴᠢᠯᠡᠯᠲᠡ ᠬᠢᠵᠦ᠂ | ᠨᠠᠰᠤᠲᠠᠶᠢᠴᠤᠳ ᠤᠨ ᠬᠡᠷ ᠪᠦᠯᠢ ᠶᠢᠨ ᠵᠠᠮ᠂ ᠣᠷᠣᠨ ᠰᠠᠭᠤᠴᠠ᠂ ᠲᠣᠭᠤᠭᠠᠨ ᠬᠡᠷ᠂ ᠠᠷᠢᠭᠤᠨ ᠴᠡᠪᠡᠷ ᠤᠨ | ᠥᠷᠥᠭᠡ ᠵᠡᠷᠭᠡ ᠠᠮᠢᠳᠤᠷᠠᠯ ᠤᠨ ᠲᠠᠯᠠᠪᠤᠷ ᠵᠢᠴᠢ ᠬᠡᠷ ᠤᠨ ᠬᠡᠷᠡᠭᠰᠡᠯ ᠳᠣᠭᠢᠷᠠᠭᠤᠯᠬᠤ᠂ ᠠᠮᠢᠳᠤᠷᠠᠯ ᠤᠨ ᠲᠤᠰᠠᠯᠠᠬᠤ | ᠪᠠᠭᠠᠵᠢ ᠬᠡᠷᠡᠭᠰᠡᠯ᠂ ᠨᠠᠷᠢᠨ ᠵᠦᠢᠯᠡᠰ ᠢ ᠬᠠᠮᠠᠭᠠᠯᠠᠬᠤ ᠵᠡᠷᠭᠡ ᠳᠤ ᠵᠣᠬᠢᠬᠤ ᠲᠣᠬᠢᠷᠠᠭᠤᠯᠤᠯᠲᠠ ᠬᠢᠵᠦ᠂ ᠨᠡᠶᠢᠲᠡ 91 | ᠡᠷᠦᠬᠡ ᠶᠢ ᠥᠭᠡᠷᠡᠴᠢᠯᠡᠵᠦ᠂ ᠨᠠᠰᠤᠲᠠᠶᠢᠴᠤᠳ ᠤᠨ ᠬᠡᠷ ᠲᠡᠭᠡᠨ ᠰᠠᠭᠤᠬᠤ ᠠᠮᠢᠳᠤᠷᠠᠯ ᠤᠨ ᠬᠠᠷᠠᠭᠠᠯᠵᠠᠯ᠂ ᠶᠠᠪᠤᠵᠤ | ᠰᠠᠭᠤᠬᠤ ᠪᠠ ᠡᠷᠡᠭᠦᠯᠵᠢᠯ ᠤᠨ ᠰᠤᠪᠢᠯᠠᠯᠲᠠ ᠵᠡᠷᠭᠡ ᠬᠡᠷᠡᠭᠴᠡᠭᠡ ᠶᠢ ᠬᠠᠩᠭᠠᠵᠤ᠂ ᠨᠠᠰᠤᠲᠠᠶᠢᠴᠤᠳ ᠤᠨ ᠬᠡᠷ | ᠪᠦᠯᠢ ᠶᠢᠨ ᠠᠮᠢᠳᠤᠷᠠᠯ ᠤᠨ ᠬᠠᠷᠠᠭᠠᠯᠵᠠᠯ᠂ ᠪᠡᠶ᠎ᠡ ᠤᠬᠢᠶᠠᠬᠤ᠂ ᠵᠣᠷᠯᠣᠩ᠂ ᠠᠮᠠᠷᠠᠬᠤ ᠵᠡᠷᠭᠡ ᠡᠳᠦᠷ ᠲᠤᠲᠤᠮ ᠤᠨ | ᠠᠮᠢᠳᠤᠷᠠᠯ ᠳᠤ ᠠᠰᠢᠭ ᠬᠦᠷᠲᠡᠭᠡᠵᠦ᠂ ᠬᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠪᠡ᠃ | | | | | | |