ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠪᠦᠬᠦᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/12/24
    2024 ᠣᠨ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠠᠷᠠᠳ ᠤᠨ ᠶᠠᠪᠤᠳᠠᠯ︶ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ᠂ ᠨᠡᠶᠢᠭᠡᠮ ᠤᠨ ᠵᠠᠰᠠᠯᠲᠠ ᠶᠢᠨ ᠠᠵᠢᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠨᠡᠶᠢᠭᠡᠮ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠮᠠᠨ ᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ  ᠠᠬᠢᠭᠤᠯᠪᠠ᠃
ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠬᠤ    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠡᠶᠢᠲᠡ 12.8 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠪᠰᠤᠷᠤᠨ ᠲᠡᠳᠬᠦᠬᠦ ᠲᠥᠷᠥᠯ ᠵᠦᠢᠯ ᠢ ᠥᠷᠨᠢᠭᠦᠯᠵᠦ᠂ ᠪᠤᠭᠤᠲᠤ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ᠂ ᠪᠤᠭᠤᠲᠤ ᠬᠤᠲᠠ ᠶᠢᠨ ᠨᠠᠰᠤᠲᠠᠶᠢᠴᠤᠳ ᠢ ᠬᠠᠪᠰᠤᠷᠤᠨ ᠪᠠᠭᠤᠷᠠᠶ ᠶᠢ ᠲᠡᠳᠬᠦᠬᠦ ᠬᠠᠶᠢᠷ᠎ᠠ ᠬᠠᠯᠠᠮᠵᠢ ᠶᠢᠨ ᠲᠥᠪ ᠲᠠᠢ ᠬᠠᠮᠲᠤᠷᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠬᠦᠴᠢᠷᠳᠡᠯ ᠳᠤ ᠲᠤᠯᠭᠠᠷᠠᠭᠰᠠᠨ 64 ᠬᠡᠤᠬᠡᠳ ᠲᠤ ᠬᠥᠪᠥᠩ ᠬᠤᠪᠴᠠᠰᠤ ᠣᠯᠭᠤᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠪᠠᠷ ᠳᠠᠮᠵᠢᠭᠤᠯᠤᠨ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃
ᠤᠷᠤᠭ ᠤᠨ ᠪᠣᠯᠪᠠᠰᠤᠨ ᠰᠤᠷᠲᠠᠯ ᠢ ᠪᠣᠢ ᠪᠣᠯᠭᠠᠬᠤ     ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠤᠨ ᠡᠳᠦᠷ ︽ᠷᠣᠮᠠᠨᠲ᠋ᠢᠭ ᠳᠣᠯᠣᠭᠠᠨ ᠰᠠᠷ᠎ᠠ ᠶᠢᠨ ᠳᠣᠯᠣᠭᠠᠨ ᠤ ᠦᠳᠡᠰᠢ · ᠬᠠᠶᠢᠷ᠎ᠠ ᠬᠠᠯᠠᠮᠵᠢ ᠪᠠᠷ ᠠᠶᠠᠯᠠᠯ ᠢᠶᠠᠨ ᠡᠬᠢᠯᠡᠭᠦᠯᠬᠦ︾ ᠭᠤᠣᠯ ᠰᠡᠳᠦᠪᠲᠦ ᠤᠷᠤᠭ ᠤᠨ ᠳᠡᠩᠰᠡᠯᠡᠯᠲᠡ ᠶᠢᠨ ᠬᠠᠮᠲᠤ ᠶᠢᠨ ᠦᠨᠡᠮᠯᠡᠯ ᠣᠯᠭᠤᠬᠤ ᠶᠣᠰᠣᠯᠠᠯ ᠶᠠᠪᠤᠭᠤᠯᠵᠤ᠂ ᠥᠩᠭᠡᠷᠡᠭᠰᠡᠨ ᠤ ᠤᠷᠤᠭᠯᠠᠭᠰᠠᠨ ︽ ᠳᠠᠩᠰᠠᠯᠠᠨ ᠲᠡᠮᠳᠡᠭᠯᠡᠬᠦ ᠶᠢ ᠬᠥᠩᠭᠡᠪᠴᠢᠯᠡᠵᠦ᠂  ᠬᠤᠷᠢᠮ ᠤᠨ ᠶᠣᠰᠣᠯᠠᠯ ᠢ ᠴᠢᠬᠤᠯᠠᠴᠢᠯᠠᠬᠤ︾ ᠬᠠᠭᠤᠴᠢᠨ ᠵᠠᠩ  ᠳᠠᠳᠬᠠᠯ ᠢ ᠬᠤᠪᠢᠷᠠᠭᠤᠯᠵᠤ᠂  ᠰᠢᠨ᠎ᠡ ᠬᠥᠮᠦᠨ ᠢ ᠬᠥᠲᠥᠯᠦᠨ ᠵᠢᠯᠣᠭᠤᠳᠴᠤ  ᠪᠠᠶᠢᠭᠠᠳ ︽ ᠳᠠᠩᠰᠠᠯᠠᠨ ᠲᠡᠮᠳᠡᠭᠯᠡᠬᠦ ᠶᠢ ᠴᠢᠬᠤᠯᠠᠴᠢᠯᠠᠵᠤ᠂ ᠠᠷᠪᠢᠯᠠᠨ ᠭᠠᠮᠨᠠᠬᠤ ᠢ ᠰᠠᠨᠠᠭᠠᠴᠢᠯᠠᠵᠤ︾ ᠪᠣᠯᠬᠤ ᠦᠵᠡᠯ ᠰᠠᠨᠠᠭ᠎ᠠ ᠣᠢᠯᠠᠭᠠᠭᠳᠠᠬᠤᠨ ᠲᠡᠶᠢᠰᠢ ᠬᠤᠪᠢᠷᠠᠭᠤᠯᠵᠤ᠂  ᠰᠢᠨ᠎ᠡ ᠴᠠᠭ ᠦᠶ᠎ᠡ ᠶᠢᠨ ᠤᠷᠤᠭ ᠤᠨ ᠦᠵᠡᠯᠲᠡ ᠶᠢ ᠪᠣᠢ ᠪᠣᠯᠭᠠᠵᠤ᠂ ᠬᠤᠷᠢᠮ ᠤᠨ ᠵᠠᠩ ᠵᠠᠩᠰᠢᠯ‌‍ᠤᠨ ᠥᠭᠡᠷᠡᠴᠢᠯᠡᠯᠲᠡ ᠶᠢ ᠠᠬᠢᠭᠤᠯᠤᠨ᠎ᠠ᠃
ᠨᠠᠷᠢᠯᠠᠭ ᠥᠭᠡᠷᠡᠴᠢᠯᠡᠯᠲᠡ  ᠵᠢᠷᠭᠠᠯᠠᠩᠲᠤ ᠭᠡᠷ ᠪᠦᠯᠢ ᠶᠢ ᠭᠡᠷᠡᠴᠢᠯᠡᠨ᠎ᠠ     ᠬᠤᠲᠠ᠂  ᠤᠷᠤᠨ ᠤ ᠬᠤᠶᠠᠷ ᠱᠠᠲᠤᠨ ᠳᠤ ᠨᠡᠶᠢᠲᠡ 26 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠮᠠᠨ ᠤ ᠤᠷᠤᠨ ᠤ ᠬᠡᠷ ᠲᠡᠭᠡᠨ ᠰᠠᠭᠤᠬᠤ ᠣᠷᠴᠢᠨ ᠲᠣᠭᠤᠷᠢᠨ ᠤ ᠵᠠᠩᠭᠢᠯᠠᠭ᠎ᠠ ᠶᠢᠨ ᠣᠷᠣᠨ ᠪᠦᠰᠡ ᠪᠤᠶᠤ ᠣᠷᠣᠨ ᠪᠠᠶᠢᠷᠢ ᠳᠤ ᠨᠠᠰᠤᠲᠠᠳ ᠲᠤ ᠳᠣᠭᠢᠷᠠᠬᠤ᠂ ᠤᠶᠤᠨᠴᠢᠯᠠᠬᠤ ᠥᠭᠡᠷᠡᠴᠢᠯᠡᠯᠲᠡ ᠬᠢᠵᠦ᠂ ᠨᠠᠰᠤᠲᠠᠶᠢᠴᠤᠳ ᠤᠨ ᠬᠡᠷ ᠪᠦᠯᠢ ᠶᠢᠨ ᠵᠠᠮ᠂ ᠣᠷᠣᠨ ᠰᠠᠭᠤᠴᠠ᠂ ᠲᠣᠭᠤᠭᠠᠨ ᠬᠡᠷ᠂ ᠠᠷᠢᠭᠤᠨ ᠴᠡᠪᠡᠷ ᠤᠨ ᠥᠷᠥᠭᠡ ᠵᠡᠷᠭᠡ ᠠᠮᠢᠳᠤᠷᠠᠯ ᠤᠨ ᠲᠠᠯᠠᠪᠤᠷ ᠵᠢᠴᠢ ᠬᠡᠷ ᠤᠨ ᠬᠡᠷᠡᠭᠰᠡᠯ ᠳᠣᠭᠢᠷᠠᠭᠤᠯᠬᠤ᠂ ᠠᠮᠢᠳᠤᠷᠠᠯ ᠤᠨ ᠲᠤᠰᠠᠯᠠᠬᠤ ᠪᠠᠭᠠᠵᠢ ᠬᠡᠷᠡᠭᠰᠡᠯ᠂ ᠨᠠᠷᠢᠨ ᠵᠦᠢᠯᠡᠰ ᠢ ᠬᠠᠮᠠᠭᠠᠯᠠᠬᠤ ᠵᠡᠷᠭᠡ ᠳᠤ ᠵᠣᠬᠢᠬᠤ ᠲᠣᠬᠢᠷᠠᠭᠤᠯᠤᠯᠲᠠ ᠬᠢᠵᠦ᠂ ᠨᠡᠶᠢᠲᠡ 91 ᠡᠷᠦᠬᠡ ᠶᠢ ᠥᠭᠡᠷᠡᠴᠢᠯᠡᠵᠦ᠂ ᠨᠠᠰᠤᠲᠠᠶᠢᠴᠤᠳ ᠤᠨ ᠬᠡᠷ ᠲᠡᠭᠡᠨ ᠰᠠᠭᠤᠬᠤ ᠠᠮᠢᠳᠤᠷᠠᠯ ᠤᠨ ᠬᠠᠷᠠᠭᠠᠯᠵᠠᠯ᠂ ᠶᠠᠪᠤᠵᠤ ᠰᠠᠭᠤᠬᠤ ᠪᠠ ᠡᠷᠡᠭᠦᠯᠵᠢᠯ ᠤᠨ ᠰᠤᠪᠢᠯᠠᠯᠲᠠ ᠵᠡᠷᠭᠡ ᠬᠡᠷᠡᠭᠴᠡᠭᠡ ᠶᠢ ᠬᠠᠩᠭᠠᠵᠤ᠂ ᠨᠠᠰᠤᠲᠠᠶᠢᠴᠤᠳ ᠤᠨ ᠬᠡᠷ ᠪᠦᠯᠢ ᠶᠢᠨ ᠠᠮᠢᠳᠤᠷᠠᠯ ᠤᠨ ᠬᠠᠷᠠᠭᠠᠯᠵᠠᠯ᠂ ᠪᠡᠶ᠎ᠡ ᠤᠬᠢᠶᠠᠬᠤ᠂ ᠵᠣᠷᠯᠣᠩ᠂ ᠠᠮᠠᠷᠠᠬᠤ ᠵᠡᠷᠭᠡ ᠡᠳᠦᠷ ᠲᠤᠲᠤᠮ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号