ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 20 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 20 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠤᠤ ᠶᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠤᠣᠯ ᠳᠤᠭᠤᠶᠢᠯᠠᠩ ᠤᠨ ᠪᠦᠷᠢᠯᠳᠦᠭᠦᠨ᠂ ᠪᠠᠶᠢᠴᠠᠭᠠᠨ ᠰᠤᠳᠤᠯᠤᠭᠴᠢ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃     ᠬᠤᠷᠠᠯ ᠳᠡᠭᠡᠷ᠎ᠡ᠂ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠪᠠᠭ ᠤᠨ ᠪᠦᠷᠢᠯᠳᠦᠭᠦᠨ ᠨᠠᠷ ︽︿ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠲᠤᠬᠠᠢ ᠲᠣᠭᠲᠠᠭᠠᠯ ᠤᠳ﹀ ᠤᠨ ᠲᠠᠶᠢᠯᠪᠤᠷᠢᠯᠠᠯᠲᠠ ᠶᠢᠨ ᠤᠩᠰᠢᠬᠤ ᠪᠢᠴᠢᠭ ︵ᠲᠤᠷᠰᠢᠨ ᠬᠡᠷᠡᠭᠵᠢᠭᠦᠯᠬᠦ︶︾ ᠢ ᠬᠢᠨᠠᠮᠠᠭᠠᠢ ᠰᠤᠷᠤᠯᠴᠠᠨ᠂ ᠬᠤᠷᠠᠯ ᠳᠤ ᠣᠷᠣᠯᠴᠠᠭᠰᠠᠳ ᠤᠭ ᠵᠣᠬᠢᠶᠠᠯ ᠢ ᠰᠢᠰᠲ᠋ᠧᠮ ᠲᠠᠢ ᠰᠤᠷᠤᠯᠴᠠᠭᠰᠠᠨ ᠰᠠᠭᠤᠷᠢᠨ ᠳᠡᠭᠡᠷ᠎ᠡ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠯᠤᠰ ᠲᠥᠷᠥ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠴᠢᠩᠭ᠎ᠠ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠨᠠᠩ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠬᠡᠷᠡᠭᠲᠡᠢ᠃     ᠬᠤᠷᠠᠯ ᠠᠴᠠ᠂ ᠬᠡᠷᠡᠭ ᠤᠨ ᠵᠢᠱᠢᠶ᠎ᠡ ᠲᠠᠢ ᠬᠠᠷᠢᠴᠠᠭᠤᠯᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠯᠭ᠎ᠠ ᠪᠠᠨ ᠴᠢᠩᠭᠠᠳᠬᠠᠵᠤ᠂ ᠰᠢᠯᠲᠠᠭᠠᠨ ᠭᠡᠮ ᠰᠣᠭᠤᠭ ᠢ ᠭᠦᠨᠵᠡᠭᠡᠢ ᠵᠠᠳᠠᠯᠵᠤ᠂ ᠨᠠᠷᠢᠨ ᠬᠢᠨᠠᠮᠠᠭᠠᠢ ᠰᠤᠷᠭᠠᠮᠵᠢ ᠠᠪᠣᠨ ᠬᠠᠯᠠᠨ ᠰᠠᠶᠢᠵᠢᠷᠠᠭᠤᠯᠬᠤ ᠴᠢᠭᠯᠡᠯ ᠢ ᠲᠣᠳᠣᠷᠬᠠᠶᠢᠯᠠᠬᠤ ᠬᠡᠷᠡᠭᠲᠡᠢ᠃ ᠨᠠᠷᠢᠨ ᠪᠢᠴᠢᠭ   ᠢ ᠴᠣᠮᠬᠠᠳᠬᠠᠵᠤ ᠬᠤᠷᠠᠯ   ᠢ ᠳᠥᠭᠦᠮᠴᠢᠯᠡᠬᠦ ᠠᠵᠢᠯ   ᠢ ᠴᠢᠩᠭ᠎ᠠ ᠠᠳᠬᠤᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠨᠢᠭᠡᠳᠦᠯᠲᠡᠢ ᠲᠥᠯᠥᠪᠯᠡᠨ ᠵᠢᠷᠤᠮᠵᠢᠭᠤᠯᠵᠤ᠂ ᠲᠣᠭᠲᠠᠭᠠᠯ   ᠠᠴᠠ ᠵᠥᠷᠢᠴᠡᠨ ᠺᠠᠳ᠋ᠷ ᠢ ᠵᠢᠭᠡᠯᠡᠨ ᠰᠢᠯᠵᠢᠭᠦᠯᠬᠦ ᠶᠢ ᠰᠡᠷᠭᠡᠶᠢᠯᠡᠵᠦ᠂ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢᠨ ᠵᠦᠢᠯᠡᠰ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠦᠵᠡᠭᠦᠯᠦᠯᠭᠡ ᠶᠢᠨ ᠴᠤᠭᠯᠠᠭᠠᠨ ᠪᠠ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠦᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠵᠢᠷᠤᠮᠵᠢᠭᠤᠯᠤᠨ ᠥᠷᠨᠢᠭᠦᠯᠵᠦ ᠂ ᠡᠯ᠎ᠡ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠦᠨᠳᠦᠰᠦᠨ ᠱᠠᠲᠤᠨ ᠤ ᠢᠯᠡᠭᠦᠴᠡ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠡᠭᠡᠭᠰᠢᠯᠡᠭᠦᠯᠭᠦ ᠬᠡᠷᠡᠭᠳᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠪᠦᠬᠦ ᠣᠷᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂᠂ ᠯᠠᠪᠳᠠᠭᠤᠨ ᠪᠠᠲᠤᠲᠠᠢ ᠪᠠᠷ ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号